ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠭᠡᠷᠡᠯ ᠪᠠ ᠢᠯᠴᠢ ᠬᠠᠩᠭᠠᠵᠤ ᠤᠩᠰᠢᠭᠴᠢᠳ ᠤᠨ ᠰᠡᠳᠬᠢᠯ ᠢ ᠲᠤᠯᠠᠭᠠᠴᠠᠭᠤᠯᠪᠠ
ᠨᠡᠶᠢᠲᠡᠯᠡᠭᠰᠡᠨ ᠴᠠᠭ᠄
2023/12/24
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠢᠮᠠᠭᠲᠠ ᠬᠠᠯᠠᠭᠤᠨ ᠳᠤᠯᠠᠭᠠᠨ ᠣᠯᠠᠨ ᠨᠡᠶᠢᠲᠡ ᠶᠢᠨ ᠦᠢᠯᠡᠴᠢᠯᠡᠭᠡ ᠶᠢ ᠪᠣᠶ ᠪᠣᠯᠭᠠᠬᠤ ᠪᠠᠷ ᠴᠢᠷᠮᠠᠶᠢᠭᠰᠠᠭᠠᠷ ᠢᠷᠡᠵᠡᠶ᠂ ᠡᠨᠡ ᠵᠢᠯ ᠤᠨ ᠡᠪᠦᠯ ᠣᠷᠤᠭᠰᠠᠨ ᠠᠴᠠ ᠨᠠᠭᠠᠰᠢ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠤᠩᠰᠢᠭᠴᠢᠳ ᠲᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂ ᠠᠮᠤᠷ ᠲᠦᠪᠰᠢᠨ᠂ ᠳᠤᠯᠠᠭᠠᠨ ᠲᠠᠭᠠᠯᠠᠮᠵᠢᠲᠠᠢ ᠤᠩᠰᠢᠯᠭ᠎ᠠ ᠶᠢᠨ ᠣᠷᠴᠢᠨ ᠲᠣᠭᠤᠷᠢᠨ ᠢ ᠪᠣᠶ ᠪᠣᠯᠭᠠᠭᠰᠠᠨ ᠪᠠᠶᠢᠨ᠎ᠠ᠃      ᠨᠢᠭᠡ ᠳᠤ᠂ ᠠᠭᠤᠳᠠᠮ ᠲᠠᠯᠠᠪᠠᠢ᠂ ᠡᠭᠦᠳᠡᠨ ᠡᠮᠦᠨᠡᠬᠢ ᠱᠠᠲᠤ ᠶᠢ ᠭᠡᠷᠡᠯᠲᠦᠭᠦᠯᠬᠦ ᠢᠨᠵᠧᠨᠧᠷᠢᠩ ᠢ  ᠬᠡᠷᠡᠭᠵᠢᠭᠦᠯᠪᠡ᠃
     ᠬᠤᠶᠠᠷ ᠲᠤ᠂ ᠨᠣᠮ ᠤᠨ ᠰᠠᠩ ᠤᠨ ᠪᠠᠷᠠᠭᠤᠨ ᠲᠠᠯ᠎ᠠ ᠳᠤ ᠣᠷᠣᠬᠤ ᠡᠭᠦᠳᠡ ᠢ ᠨᠡᠭᠡᠭᠡᠪᠡ᠃
     ᠭᠤᠷᠪᠠ ᠳᠤ᠂ ᠳᠤᠯᠠᠭᠠᠯᠠᠭ᠎ᠠ ᠶᠢᠨ ᠲᠥᠬᠦᠭᠡᠷᠦᠮᠵᠢ ᠶᠢ ᠵᠠᠰᠠᠵᠤ ᠬᠠᠮᠠᠭᠠᠯᠠᠬᠤ ᠠᠵᠢᠯ ᠢ  ᠴᠢᠩᠭᠠᠳᠬᠠᠪᠠ᠃      ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠨᠢ ᠬᠤᠲᠠ   ᠶᠢᠨ ᠠᠷᠠᠳ ᠤᠨ ᠣᠶᠤᠨ ᠰᠠᠨᠠᠭᠠᠨ ᠤ ᠬᠡᠷᠡᠯᠳᠦ ᠴᠠᠮᠬᠠᠭ ᠪᠣᠯᠵᠠᠢ᠂ ᠶᠡᠨᠳᠡᠷ ᠳᠠᠭᠠᠤ ᠡᠯᠭᠦᠭᠰᠡᠨ ᠳ᠋ᠧᠩ ᠤᠨ ᠪᠦᠰᠡ᠂ ᠠᠭᠤᠳᠠᠮ ᠲᠠᠯᠠᠪᠠᠶ ᠶᠢᠨ ᠵᠠᠮ ᠤᠨ ᠳ᠋ᠧᠩ ᠤᠳ ᠬᠢᠯᠠᠰᠤᠨ ᠬᠡᠷᠡᠯᠲᠦᠵᠦ᠂ ᠪᠢᠴᠢᠭ ᠤᠨ ᠦᠨᠦᠷ ᠬᠠᠩᠬᠤᠯᠵᠤ᠂ ᠬᠥᠮᠥᠰ ᠤᠨ ᠰᠡᠳᠬᠢᠯ   ᠢ ᠠᠭᠤᠵᠢᠷᠠᠭᠤᠯᠤᠨ᠎ᠠ᠃  
 
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号