ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ | ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠵᠠᠰᠠᠭ ᠤᠨ ᠣᠷᠳᠣᠨ ᠤ | ᠬᠤᠭᠤᠷᠣᠨᠳᠣᠬᠢ ᠵᠥᠪᠯᠡᠯ ᠤᠨ 18 ᠳ᠋ᠤᠭᠠᠷ ᠬᠤᠭᠤᠴᠠᠭᠠᠨ ᠤ ᠪᠠᠶᠢᠩᠭᠤ ᠶᠢᠨ ᠬᠤᠷᠠᠯ 12 ᠳ᠋ᠤᠭᠠᠷ ᠰᠠᠷ᠎ᠠ ᠶᠢᠨ | 4 ᠤ ᠡᠳᠦᠷ ᠠᠴᠠ 8 ᠤ ᠡᠳᠦᠷ ᠪᠤᠼᠸᠠᠨᠠ ᠶᠢᠨ ᠺᠠᠰᠠᠨᠡᠢ ᠳᠤ ᠶᠠᠪᠤᠭᠳᠠᠪᠠ᠃ ᠮᠠᠨ ᠤ ᠤᠯᠤᠰ ᠤᠨ 2010 | ᠣᠨ ᠳᠤ ᠪᠠᠴᠢᠮ ᠬᠠᠮᠠᠭᠠᠯᠠᠬᠤ ᠴᠢᠬᠤᠯᠠᠲᠠᠢ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠤ | ᠤᠷᠤᠭᠤᠯᠤᠭᠰᠠᠨ ᠮᠠᠢ ᠱᠢ ᠷᠧ ᠫᠦ᠋᠂ ᠳᠤᠮᠳᠠᠳᠤ ᠤᠯᠤᠰ ᠤᠨ ᠥᠷᠥᠮᠡᠯ ᠪᠠᠷ ᠤᠨ ᠬᠡᠪᠯᠡᠯ ᠤᠨ ᠮᠡᠷᠭᠡᠵᠢᠯ᠂ ᠳᠤᠮᠳᠠᠳᠤ | ᠤᠯᠤᠰ ᠤᠨ ᠤᠰᠤ ᠪᠢᠲᠡᠭᠦᠮᠵᠢᠯᠡᠬᠦ ᠰᠠᠩ ᠤᠨ ᠪᠤᠶᠠᠨ ᠤ ᠣᠩᠭᠤᠴᠠ ᠦᠢᠯᠡᠳᠬᠦ ᠮᠡᠷᠭᠡᠵᠢᠯ ᠵᠡᠷᠭᠡ ᠭᠤᠷᠪᠠᠨ ᠲᠥᠷᠥᠯ | ᠵᠦᠢᠯ ᠤᠨ ᠭᠤᠷᠪᠠᠳᠤᠭᠠᠷ ᠤᠳᠠᠭᠠᠨ ᠤ ᠭᠡᠷ᠎ᠡ ᠪᠠᠨ ᠭᠦᠢᠴᠡᠳᠬᠡᠭᠰᠡᠨ ᠮᠡᠳᠡᠭᠦᠯᠦᠯᠲᠡ ᠵᠥᠪᠯᠡᠯ ᠤᠨ ᠬᠢᠨᠠᠨ | ᠵᠥᠪᠯᠡᠯᠭᠡ ᠶᠢ ᠤᠷᠤᠭᠰᠢᠲᠠᠢ ᠥᠩᠭᠡᠷᠡᠭᠡᠪᠡ᠃ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠵᠠᠰᠠᠭ ᠤᠨ ᠣᠷᠳᠣᠨ ᠤ ᠬᠤᠭᠤᠷᠣᠨᠳᠣᠬᠢ ᠵᠥᠪᠯᠡᠯ | ᠪᠣᠯ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ | ᠵᠣᠬᠢᠶᠠᠨ ᠪᠠᠶᠢᠭᠤᠯᠤᠯᠲᠠ ᠶᠢᠨ ︽ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠨᠡᠶᠢᠲᠡ ᠶᠢᠨ ᠭᠡᠷ᠎ᠡ︾ ᠶᠢ | ᠵᠠᠰᠠᠵᠤ ᠴᠡᠭᠴᠡᠯᠡᠬᠦ ᠪᠠᠶᠢᠭᠤᠯᠤᠮᠵᠢ ᠮᠥᠨ᠂ ᠵᠢᠯ ᠪᠦᠷᠢ ᠨᠢᠭᠡ ᠬᠤᠭᠤᠴᠠᠭᠠᠨ ᠤ ᠬᠤᠷᠠᠯ ᠡᠷᠬᠢᠯᠡᠳᠡᠭ᠃ ᠲᠣᠰ | ᠬᠤᠭᠤᠴᠠᠭᠠᠨ ᠤ ᠪᠠᠶᠢᠩᠭᠤ ᠶᠢᠨ ᠬᠤᠷᠠᠯ ᠳᠤ ᠨᠡᠶᠢᠲᠡ 124 ᠤᠯᠤᠰ᠂ 84 ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ | ᠪᠠᠲᠤᠯᠠᠭᠠᠵᠢᠭᠤᠯᠤᠭᠰᠠᠨ ᠵᠠᠰᠠᠭ ᠤᠨ ᠣᠷᠳᠣᠨ ᠤ ᠪᠤᠰᠤ ᠵᠣᠬᠢᠶᠠᠨ ᠪᠠᠶᠢᠭᠤᠯᠤᠯᠲᠠ᠂ 5 ᠬᠤᠶᠠᠳᠤᠭᠠᠷ ᠲᠥᠷᠥᠯ ᠤᠨ | ᠲᠥᠪ ᠤᠨ 900 ᠭᠠᠷᠤᠢ ᠲᠥᠯᠥᠭᠡᠯᠡᠭᠴᠢ ᠣᠷᠣᠯᠴᠠᠵᠠᠢ᠃ | ᠳᠤᠮᠳᠠᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠷᠣᠣ ᠴᠢᠤᠸᠠᠨ | ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠬᠤᠷᠠᠯ ᠳᠤ ᠣᠷᠣᠯᠴᠠᠭᠰᠠᠨ ᠪᠥᠭᠡᠳ 12 ᠳ᠋ᠤᠭᠠᠷ ᠰᠠᠷ᠎ᠠ ᠶᠢᠨ | 10 ᠤ ᠡᠳᠦᠷ ᠠᠴᠠ 13 ᠤ ᠡᠳᠦᠷ ᠪᠣᠯᠲᠠᠯ᠎ᠠ ᠡᠸ᠋ᠽᠢᠤᠫᠢᠶ᠎ᠠ ᠳᠤ ᠠᠶᠢᠯᠴᠢᠯᠠᠵᠤ᠂ ᠲᠤᠬᠠᠢ ᠶᠢᠨ ᠭᠠᠵᠠᠷ ᠤᠨ | ᠰᠣᠶᠣᠯ ᠪᠠ ᠵᠢᠭᠤᠯᠴᠢᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠠᠶᠢᠭᠤᠯᠤᠮᠵᠢ ᠶᠢᠨ | ᠬᠠᠷᠢᠭᠤᠴᠠᠯᠭᠠᠲᠠᠨ ᠲᠠᠢ ᠠᠭᠤᠯᠵᠠᠵᠤ᠂ ᠬᠤᠶᠠᠷ ᠤᠯᠤᠰ ᠤᠨ ᠰᠣᠶᠣᠯ ᠪᠠ ᠵᠢᠭᠤᠯᠴᠢᠯᠠᠯ ᠤᠨ ᠰᠣᠯᠢᠯᠴᠠᠭ᠎ᠠ | ᠬᠠᠮᠲᠤᠷᠠᠯᠴᠠᠭ᠎ᠠ ᠶᠢᠨ ᠲᠤᠬᠠᠢ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ ᠬᠠᠮᠲᠤ ᠶᠢᠨ ᠲᠠᠨᠢᠯᠲᠠ ᠲᠠᠢ ᠪᠣᠯᠵᠠᠢ᠃ | | |