︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ  ᠳᠤ ᠬᠡᠷᠡᠭᠯᠡᠬᠦ ᠨᠠᠷᠢᠨ ᠳᠦᠷᠢᠮ︾  ᠤᠨ ᠲᠦᠷᠦ  ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/29
    ᠥᠪᠡᠷᠲᠡᠭᠡᠨ ᠵᠠᠰᠠᠬᠤ ᠣᠷᠣᠨ ᠤ ᠳᠡᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ  ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠣᠷᠣᠨ ᠪᠦᠰᠡ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠦᠯᠬᠢᠨ  ᠠᠬᠢᠭᠤᠯᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠳᠤ ᠬᠡᠷᠡᠭᠵᠢᠭᠦᠯᠬᠦ ᠨᠠᠷᠢᠨ ᠳᠦᠷᠢᠮ︾ ︵ᠳᠣᠷᠣᠭᠰᠢ ︽ᠨᠠᠷᠢᠨ ᠳᠦᠷᠢᠮ︾ ᠭᠡᠵᠦ ᠲᠣᠪᠴᠢᠯᠠᠨ᠎ᠠ︶ ᠢ ᠵᠢᠩᠬᠢᠨᠢ ᠪᠠᠷ ᠨᠡᠶᠢᠲᠡᠯᠡᠪᠡ᠃ ︽ᠨᠠᠷᠢᠨ ᠳᠦᠷᠢᠮ︾ ᠳᠤ ᠨᠡᠶᠢᠲᠡ ᠠᠷᠪᠠᠨ ᠬᠤᠶᠠᠷ ᠵᠦᠢᠯ ᠲᠠᠢ᠂ ᠡᠭᠦᠨ ᠳᠤ ᠭᠤᠣᠯᠳᠠᠭᠤ ᠦᠨᠡᠯᠡᠨ ᠵᠢᠱᠢᠬᠦ ᠠᠭᠤᠯᠭ᠎ᠠ᠂ ᠦᠨᠡᠯᠡᠨ ᠵᠢᠱᠢᠬᠦ ᠲᠠᠰ ᠳᠠᠷᠠᠭᠠᠯᠠᠯ᠂ ᠦᠨᠡᠯᠡᠨ ᠵᠢᠱᠢᠬᠦ ᠮᠠᠲ᠋ᠧᠷᠢᠶᠠᠯ ᠵᠢᠴᠢ ᠦᠨᠡᠯᠡᠨ ᠵᠢᠱᠢᠬᠦ ᠦᠷ᠎ᠡ ᠳ᠋ᠦᠩ ᠢ ᠪᠠᠭᠲᠠᠭᠠᠨ᠎ᠠ᠃ 2024 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠪᠦᠬᠦᠢ ᠬᠤᠭᠤᠴᠠᠭ᠎ᠠ ᠨᠢ 5 ᠵᠢᠯ ᠪᠣᠯᠣᠨ᠎ᠠ᠃      ︽ᠨᠠᠷᠢᠨ ᠳᠦᠷᠢᠮ︾ ᠳᠤ ᠦᠨᠡᠯᠡᠨ ᠵᠢᠱᠢᠬᠦ ᠠᠵᠢᠯ ᠳᠤ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠶᠡᠷᠦᠩᠬᠡᠢ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠ ᠪᠦᠲᠦᠭᠡᠨ ᠪᠠᠶᠢᠭᠤᠯᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠳᠤ ᠦᠨᠡᠯᠡᠨ ᠵᠢᠱᠢᠯᠲᠡ ᠬᠢᠨ᠎ᠡ ᠭᠡᠵᠦ ᠲᠣᠭᠲᠠᠭᠠᠵᠠᠢ᠃ ᠭᠤᠣᠯ ᠠᠭᠤᠯᠭ᠎ᠠ᠄ ᠨᠢᠭᠡ ᠳᠤ᠂ ᠶᠡᠷᠦᠩᠬᠡᠢ ᠲᠥᠯᠦᠪᠵᠢᠭᠦᠯᠭᠡ ᠶᠢ ᠲᠤᠬᠠᠢ ᠶᠢᠨ ᠭᠠᠵᠠᠷ ᠤᠨ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠵᠤ᠂ ᠠᠮᠢ ᠠᠬᠤᠢ ᠶᠢᠨ ᠬᠠᠮᠠᠭᠠᠯᠠᠯᠲᠠ᠂ ᠰᠣᠶᠣᠯ ᠤᠨ ᠴᠡᠴᠡᠷᠯᠢᠭ ᠵᠡᠷᠭᠡ ᠲᠤᠰᠬᠠᠢ ᠴᠢᠨᠠᠷᠲᠠᠢ᠂ ᠲᠤᠰᠬᠠᠢ ᠲᠥᠯᠦᠪᠵᠢᠭᠦᠯᠭᠡ ᠲᠠᠢ ᠵᠣᠯᠭᠠᠭᠤᠯᠤᠭᠰᠠᠨ ᠪᠠᠶᠢᠳᠠᠯ︔ ᠬᠤᠶᠠᠷ ᠲᠤ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠢᠴᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠠᠵᠢᠯ ᠤᠨ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ︔ ᠭᠤᠷᠪᠠ ᠳᠤ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠲᠤ ᠣᠷᠣᠭᠤᠯᠤᠭᠰᠠᠨ ᠵᠢᠴᠢ ᠠᠰᠢᠭᠯᠠᠯᠲᠠ ᠳᠤ ᠣᠷᠣᠭᠤᠯᠤᠭᠰᠠᠨ ᠪᠠᠶᠢᠳᠠᠯ︔ ᠳᠥᠷᠪᠡ ᠳᠤ᠂ ᠬᠠᠮᠠᠭᠠᠯᠠᠬᠤ ᠠᠷᠭ᠎ᠠ ᠬᠡᠯᠪᠡᠷᠢ ᠪᠣᠯᠣᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ ᠲᠠᠪᠤ ᠳᠤ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠵᠢᠴᠢ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢᠨ ᠪᠠᠶᠢᠳᠠᠯ᠃      ︽ᠨᠠᠷᠢᠨ ᠳᠦᠷᠢᠮ︾ ᠳᠤ ᠦᠨᠡᠯᠡᠨ ᠵᠢᠱᠢᠬᠦ ᠠᠵᠢᠯ ᠤᠨ ᠭᠤᠣᠯ ᠲᠠᠰ ᠳᠠᠷᠠᠭᠠᠯᠠᠯ ᠢ ᠲᠣᠳᠣᠷᠬᠠᠢ ᠲᠣᠭᠲᠠᠭᠠᠪᠠ᠄ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠳᠤ ᠥᠪᠡᠰᠦᠪᠡᠨ ᠦᠨᠡᠯᠡᠬᠦ ᠠᠵᠢᠯ ᠢ ᠥᠷᠨᠢᠭᠦᠯᠦᠨ᠎ᠡ᠂ ᠬᠤᠶᠠᠷ ᠲᠤ᠂ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠠᠬᠢᠨ ᠬᠢᠨᠠᠨ᠎ᠠ︔ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠪᠣᠳᠠᠰ ᠤᠨ ᠪᠤᠰᠤ ᠰᠣᠶᠣᠯ ᠤᠨ ᠥᠪ ᠤᠨ ᠭᠠᠵᠠᠷ ᠠᠴᠠ ᠬᠢᠨᠠᠨ ᠬᠠᠷᠭᠤᠭᠤᠯᠬᠤ ᠶᠢᠨ ᠬᠠᠮᠲᠤ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠪᠤᠶᠤ ᠵᠣᠬᠢᠶᠠᠨ ᠪᠠᠶᠢᠭᠤᠯᠤᠯᠲᠠ ᠶᠢᠨ ᠠᠵᠢᠯᠯᠠᠬᠤ ᠳᠤᠭᠤᠶᠢᠯᠠᠩ ᠳᠤ ᠨᠠᠶᠢᠳᠠᠵᠤ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠦᠨᠡᠯᠡᠨ ᠵᠢᠱᠢᠯᠲᠡ ᠬᠢᠯᠭᠡᠨ᠎ᠡ︔ ᠳᠥᠷᠪᠡ ᠳᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠢᠭᠤᠷᠳᠠᠨ ᠬᠠᠷᠢᠭᠤ ᠮᠡᠳᠡᠭᠦᠯᠬᠦ ᠶᠢᠨ ᠬᠠᠮᠲᠤ ᠲᠤᠬᠠᠢ ᠶᠢᠨ ᠲᠠᠯᠠᠪᠤᠷ ᠲᠤ ᠨᠤᠮ ᠬᠠᠶᠠᠯᠴᠠᠵᠤ᠂ ᠦᠨᠡᠯᠡᠨ ᠵᠢᠱᠢᠵᠦ ᠲᠣᠭᠲᠠᠭᠠᠭᠰᠠᠨ ᠦᠷ᠎ᠡ ᠳ᠋ᠦᠩ ᠢ ᠭᠠᠷᠭᠠᠨ᠎ᠠ︔ ᠲᠠᠪᠤ ᠳᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠨ᠎ᠡ᠃      ︽ᠨᠠᠷᠢᠨ ᠳᠦᠷᠢᠮ︾ ᠳᠤ ᠦᠨᠡᠯᠡᠨ ᠵᠢᠱᠢᠭᠰᠡᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠬᠢᠷᠢ ᠬᠡᠮ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠲᠡᠳᠭᠦᠯᠭᠡ ᠵᠢᠴᠢ ᠤᠯᠤᠰ ᠤᠨ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠬᠦ ᠭᠤᠣᠯ ᠦᠨᠳᠦᠰᠦᠯᠡᠯ ᠪᠣᠯᠭᠠᠨ᠎ᠠ ᠭᠡᠵᠦ ᠲᠣᠳᠣᠷᠬᠠᠢ ᠲᠣᠭᠲᠠᠭᠠᠵᠠᠢ᠃ ᠦᠨᠡᠯᠡᠨ ᠵᠢᠱᠢᠭᠰᠡᠨ ᠤ ᠳ᠋ᠦᠩ ᠨᠢ ᠰᠢᠯᠢᠳᠡᠭ   ᠢ ᠨᠢ ᠨᠡᠶᠢᠲᠡᠯᠡᠨ ᠰᠠᠶᠢᠰᠢᠶᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠤᠰᠬᠠᠢ ᠪᠡᠯᠡ ᠮᠥᠩᠭᠦ ᠶᠢᠨ ᠳᠣᠲᠣᠷ᠎ᠠ ᠠᠴᠠ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ︔ ᠬᠢᠷᠢ ᠲᠡᠩᠴᠡᠬᠦ ᠦᠭᠡᠢ ᠪᠤᠯ᠂ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ᠂ 1 ᠵᠢᠯ ᠤᠨ ᠬᠤᠭᠤᠴᠠᠭ᠎ᠠ  ᠲᠠᠢ ᠪᠠᠷ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠳᠠᠷᠠᠭ᠎ᠠ ᠨᠢᠭᠡ ᠵᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠳᠡᠮᠵᠢᠯᠭᠡ ᠶᠢ ᠵᠣᠭᠰᠣᠭᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号