ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠡᠭᠡᠯᠵᠢ ᠶᠢᠨ ᠲᠣᠭᠤᠷᠢᠨ  ᠪᠠᠶᠢᠴᠠᠭᠠᠯᠲᠠ ᠶᠢᠨ ᠬᠠᠷᠢᠭᠤ ᠳᠤᠰᠬᠠᠯ ᠪᠡᠶᠡᠯᠡᠪᠡ
ᠨᠡᠶᠢᠲᠡᠯᠡᠭᠰᠡᠨ ᠴᠠᠭ᠄
2023/12/29
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ ᠠᠵᠢᠯ ᠣᠶᠢᠷ᠎ᠠ ᠶᠢᠨ ᠡᠳᠦᠷ ᠪᠦᠭᠦᠳᠡ ᠲᠡᠭᠦᠰᠪᠡ᠃ 2 ᠲᠣᠭᠤᠷᠢᠨ ᠪᠠᠶᠢᠴᠠᠭᠠᠬᠤ ᠳᠤᠭᠤᠶᠢᠯᠠᠩ ᠤᠨ  ᠬᠢᠨ 12 ᠠᠶᠢᠮᠠᠭ ᠬᠤᠳᠠ ᠳᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠰᠬᠠᠢ ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠵᠤ᠂ 12 ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ 24 ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠪᠣᠯᠣᠨ ᠶᠡᠭᠡ ᠳᠡᠭᠡᠳᠦ ᠰᠤᠷᠭᠠᠭᠤᠯᠢ ᠳᠤ ᠪᠠᠶᠢᠩᠭᠤ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠵᠠᠢ᠃ ᠲᠣᠭᠤᠷᠢᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠳᠤ ᠦᠨᠳᠦᠰᠦᠯᠡᠨ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠬᠠᠢ ᠰᠡᠳᠦᠪᠲᠦ ᠬᠤᠷᠠᠯ ᠳᠡᠭᠡᠷ᠎ᠡ ᠲᠣᠭᠤᠷᠢᠨ ᠪᠠᠶᠢᠴᠠᠭᠠᠭᠰᠠᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠲᠣᠭᠤᠷᠢᠨ ᠪᠠᠶᠢᠴᠠᠭᠠᠯᠲᠠ ᠶᠢᠨ ᠬᠠᠷᠢᠭᠤ ᠳᠤᠰᠬᠠᠭᠰᠠᠨ ᠨᠢ᠂ ᠣᠶᠢᠷ᠎ᠠ ᠶᠢᠨ ᠵᠢᠯ ᠠᠴᠠ ᠨᠠᠭᠠᠰᠢ᠂ ᠡᠯ᠎ᠡ ᠠᠶᠢᠮᠠᠭ ᠬᠤᠳᠠ ᠶᠢᠨ ᠬᠢᠨ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠵᠢᠭᠦᠯᠦᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠬᠦᠴᠦᠯᠡᠨ ᠰᠡᠷᠭᠡᠶᠢᠯᠡᠨ ᠠᠷᠢᠯᠭᠠᠵᠤ᠂ ᠭᠤᠣᠯᠳᠠᠯᠭ᠎ᠠ ᠲᠠᠢ ᠬᠦᠷᠢᠶᠡᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠂ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠠᠬᠢᠭᠤᠯᠬᠤ ᠲᠠᠯ᠎ᠠ ᠪᠠᠷ ᠢᠳᠡᠪᠬᠢᠲᠡᠢ ᠠᠬᠢᠴᠠ ᠲᠠᠢ ᠪᠣᠯᠪᠠ︔ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠢ ᠪᠣᠯᠣᠨ ᠳᠡᠭᠡᠳᠦ ᠰᠤᠷᠭᠠᠭᠤᠯᠢ ᠨᠤᠭᠤᠳ ᠡᠭᠦᠷᠭᠡ ᠴᠢᠳᠠᠪᠤᠷᠢ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠶᠡᠭᠡ ᠲᠠᠯ᠎ᠠ ᠶᠢ ᠪᠣᠳᠣᠯᠬᠢᠯᠠᠨ ᠴᠢᠬᠤᠯᠠ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ  ᠠᠬᠢᠭᠤᠯᠤᠨ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠳᠤ ᠰᠢᠨ᠎ᠡ ᠠᠬᠢᠴᠠ ᠲᠠᠢ ᠪᠣᠯᠪᠠ᠃      ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠯ ᠪᠠᠰᠠ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠪᠠ᠃ ᠲᠤᠰᠬᠠᠢ ᠵᠦᠢᠯ ᠤᠨ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠠᠴᠠ ᠦᠵᠡᠪᠡᠯ᠂ ᠵᠠᠷᠢᠮ ᠨᠢ ᠡᠯ᠎ᠡ ᠱᠠᠲᠤ ᠳᠠᠪᠬᠤᠷᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠬᠦ ᠬᠡᠯᠬᠢᠶ᠎ᠡ ᠪᠠᠷ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠳᠤ ᠬᠦᠴᠦ ᠣᠷᠣᠭᠤᠯᠬᠤ ᠴᠢᠬᠤᠯᠠᠲᠠᠢ︔ ᠵᠠᠷᠢᠮ ᠨᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠭᠦᠨᠵᠡᠭᠡᠶᠢᠷᠡᠭᠦᠯᠬᠦ ᠲᠠᠯ᠎ᠠ ᠪᠠᠷ ᠡᠷᠴᠢᠮ ᠢᠶᠠᠨ ᠴᠢᠩᠭᠠᠷᠠᠭᠤᠯᠬᠤ ᠴᠢᠬᠤᠯᠠᠲᠠᠢ ︔ ᠵᠠᠷᠢᠮ ᠨᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ᠂ ᠠᠰᠠᠭᠤᠳᠠᠯ ᠭᠡᠮ ᠰᠣᠭᠤᠭ ᠢ ᠴᠡᠭᠴᠡᠯᠡᠨ ᠵᠠᠰᠠᠬᠤ ᠶᠢ ᠠᠬᠢᠭᠤᠯᠬᠤ ᠲᠠᠯ᠎ᠠ ᠪᠠᠷ ᠬᠦᠴᠦᠯᠡᠬᠦ ᠴᠢᠬᠤᠯᠠᠲᠠᠢ︔ ᠵᠠᠷᠢᠮ ᠨᠢ ᠠᠵᠢᠯ ᠤᠨ ᠳᠤᠲᠠᠭᠤᠳᠠᠯ ᠢ ᠨᠥᠬᠦᠪᠦᠷᠢᠯᠡᠬᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠬᠤ ᠲᠠᠯ᠎ᠠ ᠪᠠᠷ ᠴᠢᠷᠮᠠᠶᠢᠬᠤ ᠴᠢᠬᠤᠯᠠᠲᠠᠢ ᠪᠠᠶᠢᠨ᠎ᠠ᠃ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠠᠴᠠ ᠦᠵᠡᠪᠡᠯ᠂ ᠵᠠᠷᠢᠮ ᠨᠢ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠬᠦᠷᠦᠯᠴᠡᠬᠦ ᠦᠭᠡᠢ︔ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠵᠥᠷᠢᠶ᠎ᠡ ᠲᠠᠢ︔ ᠵᠠᠷᠢᠮ ᠨᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠦᠪᠯᠡᠷᠡᠭᠦᠯᠬᠦ ᠲᠠᠯ᠎ᠠ ᠪᠠᠷ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠭᠰᠠᠨ ᠦᠭᠡᠢ᠂ ᠭᠤᠣᠯᠳᠠᠯᠭ᠎ᠠ ᠲᠠᠢ ᠠᠵᠢᠯ ᠢ ᠠᠬᠢᠭᠤᠯᠬᠤ ᠳᠤ ᠦᠷᠭᠦᠯᠵᠢᠯᠡᠨ ᠬᠦᠴᠦ ᠨᠡᠮᠡᠬᠦ ᠴᠢᠬᠤᠯᠠᠲᠠᠢ ᠪᠠᠶᠢᠨ᠎ᠠ︔ ᠵᠠᠷᠢᠮ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠳᠠᠷᠤᠯᠲᠠ ᠶᠢ ᠭᠦᠢᠴᠡᠳ ᠳᠠᠮᠵᠢᠭᠤᠯᠤᠭᠰᠠᠨ ᠦᠭᠡᠢ︔        ︽ᠲᠦᠷᠪᠡᠨ ᠰᠤᠷᠲᠠᠯ︾  ᠤᠨ ᠠᠰᠠᠭᠤᠳᠠᠯ ᠮᠦᠨ ᠬᠦ ᠡᠭᠦᠰᠴᠦ᠂ ︽ᠤᠳᠠᠭᠠᠨ︾᠂ ︽ᠪᠦᠳᠦᠭᠦᠯᠢᠭ︾᠂ ︽ᠬᠡᠶᠢᠰᠪᠦᠷᠢ︾ ᠬᠡᠯᠪᠡᠷᠢᠯ ᠪᠠᠶᠢᠨ ᠪᠠᠶᠢᠨ ᠢᠯᠡᠷᠡᠵᠦ ᠪᠠᠶᠢᠨ᠎ᠠ︔ ᠵᠠᠷᠢᠮ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ ᠪᠠᠭᠤᠷᠠᠢ ᠭᠤᠭᠴᠤᠭ᠎ᠠ ᠣᠷᠣᠰᠢᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠶᠢ ᠮᠥᠨ ᠯᠡ ᠴᠢᠩᠭᠠᠳᠬᠠᠬᠤ ᠴᠢᠬᠤᠯᠠᠲᠠᠢ ᠪᠠᠶᠢᠨ᠎ᠠ᠃      ᠬᠠᠷᠢᠭᠤ ᠳᠤᠰᠬᠠᠯ ᠱᠠᠭᠠᠷᠳᠠᠭᠰᠠᠨ ᠨᠢ᠂ ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ ᠨᠠᠮ ᠤᠨ ᠵᠣᠬᠢᠶᠠᠨ ᠪᠠᠶᠢᠭᠤᠯᠤᠯᠲᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠣᠨᠴᠠᠭᠠᠶᠢᠯᠠᠨ ᠰᠦᠨ ᠱᠤᠤ ᠴᠧᠩ ᠱᠦᠵᠢ ᠶᠢᠨ ᠶᠠᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠰᠢᠭᠤᠷᠬᠠᠢ ᠡᠭᠦᠷᠭᠡᠯᠡᠨ᠂ ᠬᠠᠷᠢᠭᠤ ᠲᠤᠰᠬᠠᠭᠰᠠᠨ ᠰᠠᠨᠠᠯ ᠢ ᠴᠢᠩᠭ᠎ᠠ ᠬᠠᠷᠢᠴᠠᠭᠤᠯᠵᠤ᠂ ᠠᠰᠠᠭᠤᠳᠠᠯ ᠤᠨ ᠨᠠᠷᠢᠨ ᠳᠠᠩᠰᠠ᠂ ᠡᠭᠦᠷᠭᠡ ᠶᠢᠨ ᠨᠠᠷᠢᠨ ᠳᠠᠩᠰᠠ ᠪᠣᠯᠣᠨ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠠᠶᠢᠮᠠᠭ ᠬᠤᠳᠠ ᠨᠤᠭᠤᠳ ᠬᠦᠯᠢᠶᠡᠵᠦ ᠪᠣᠯᠬᠤ ᠦᠭᠡᠢ᠂ ᠤᠳᠠᠵᠤ ᠪᠣᠯᠬᠤ ᠦᠭᠡᠢ ᠲᠤᠯᠭᠠᠮ ᠪᠤᠳᠤᠯ ᠢᠶᠠᠷ ᠠᠶᠤᠯ ᠦᠭᠡᠢ ᠦᠢᠯᠡᠳᠪᠦᠷᠢᠯᠡᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠣᠯᠳᠠᠯᠭ᠎ᠠ ᠲᠠᠢ ᠠᠵᠢᠯ ᠳᠦᠷᠦᠯ ᠢ ᠴᠢᠩᠭ᠎ᠠ ᠠᠩᠬᠠᠷᠴᠤ᠂ ᠡᠯ᠎ᠡ ᠳᠦᠷᠦᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠰᠤᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠠᠷᠢᠯᠭᠠᠨ᠂ ᠠᠰᠠᠭᠤᠳᠠᠯ ᠢ ᠵᠦᠢᠯ ᠵᠤᠷᠪᠤᠰ ᠢᠶᠠᠷ ᠳᠠᠷᠠᠭᠠᠯᠠᠭᠤᠯᠤᠨ ᠰᠢᠢᠳᠪᠦᠷᠢᠯᠡᠵᠦ᠂ ᠳᠠᠩᠰᠠ ᠲᠠᠢ ᠬᠠᠷᠭᠤᠭᠤᠯᠤᠨ ᠳ᠋ᠤᠭᠠᠷ ᠬᠠᠰᠤᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠪᠣᠯᠣᠨ ᠶᠡᠭᠡ ᠳᠡᠭᠡᠳᠦ ᠰᠤᠷᠭᠠᠭᠤᠯᠢ ᠨᠤᠭᠤᠳ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠵᠢᠯ ᠢᠶᠠᠨ ᠬᠠᠯᠠᠨ ᠰᠠᠶᠢᠵᠢᠷᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠶᠢ ᠴᠢᠩᠭᠠᠳᠬᠠᠬᠤ ᠴᠢᠬᠤᠯᠠ ᠭᠠᠷᠳᠠᠴᠠ ᠪᠠᠨ ᠪᠣᠯᠭᠠᠨ᠂ ︽ᠣᠳᠣᠬᠠᠨ ᠳᠤ ᠥᠭᠡᠷᠡᠴᠢᠯᠡᠬᠦ︾ ᠪᠠ ︽ᠣᠷᠳᠣ ᠬᠤᠭᠤᠴᠠᠭ᠎ᠠ ᠪᠠᠷ ᠪᠠᠶᠢᠭᠤᠯᠬᠤ︾ ᠶᠢ ᠬᠠᠷᠢᠯᠴᠠᠨ ᠤᠶᠠᠯᠳᠤᠭᠤᠯᠬᠤ ᠶᠢ ᠴᠢᠬᠤᠯᠠᠴᠢᠯᠠᠨ᠂ ᠨᠢᠭᠡ ᠱᠠᠲᠤ ᠨᠢ ᠨᠢᠭᠡ ᠱᠠᠲᠤ ᠪᠠᠨ ᠠᠳᠬᠤᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠬᠡᠷᠡᠭᠲᠡᠢ᠃ ᠬᠤᠯᠪᠣᠭᠳᠠᠯ ᠪᠦᠬᠦᠢ ᠭᠤᠣᠯᠯᠠᠨ ᠬᠠᠮᠢᠶᠠᠷᠬᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠬᠤᠯᠪᠤᠭᠠᠯᠠᠨ ᠬᠥᠳᠡᠯᠦᠯᠴᠡᠵᠦ ᠴᠡᠭᠴᠡᠯᠡᠨ ᠰᠠᠶᠢᠵᠢᠷᠠᠭᠤᠯᠬᠤ᠂ ᠰᠢᠰᠲ᠋ᠧᠮ ᠲᠠᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠂ ᠲᠣᠭᠤᠷᠢᠨ ᠪᠠᠶᠢᠴᠠᠭᠠᠯᠲᠠ ᠶᠢᠨ ︽ᠰᠡᠭᠦᠯᠴᠢ ᠶᠢᠨ ᠬᠠᠭᠠᠰ ᠶᠠᠪᠤᠳᠠᠯ︾ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠡᠳᠦᠷ ᠲᠤᠳᠤᠮ ᠤᠨ ᠬᠢᠨᠠᠯᠲᠠ ᠪᠠᠨ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠨᠢᠭᠡᠴᠢ ᠶᠢ ᠰᠢᠪᠠᠳᠠᠵᠤ ᠪᠠᠶᠢᠭᠠᠳ ᠦᠨᠡᠨ ᠬᠦ ᠥᠭᠡᠷᠡᠴᠢᠯᠡᠭᠦᠯᠵᠦ ᠪᠣᠳᠠᠲᠠᠢ ᠥᠭᠡᠷᠡᠴᠢᠯᠡᠭᠦᠯᠵᠦ᠂ ᠪᠣᠳᠠᠲᠤ ᠦᠷ᠎ᠡ ᠪᠦᠲᠦᠮᠵᠢ ᠣᠯᠭᠤᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠲᠣᠭᠤᠷᠢᠨ ᠪᠠᠶᠢᠴᠠᠭᠠᠬᠤ ᠪᠠ ᠴᠠᠭᠳᠠᠨ ᠪᠠᠶᠢᠴᠠᠭᠠᠬᠤ ᠠᠯᠪᠠᠨ ᠲᠠᠯ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号