ᠰᠣᠶᠣᠯ ᠪᠠ ᠵᠢᠭᠤᠯᠴᠢᠯᠠᠯ ᠤᠨ ᠶᠠᠮᠤᠨ ᠤ ᠪᠣᠳᠠᠰ ᠤᠨ ᠪᠤᠰᠤ ᠰᠣᠶᠣᠯ ᠤᠨ ᠥᠪ ᠤᠨ ᠵᠤᠷᠭᠠᠨ ᠤ ᠬᠠᠷᠢᠭᠤᠴᠠᠯᠭᠠᠲᠠᠨ ︽ᠰᠣᠶᠣᠯ ᠪᠠ ᠵᠢᠭᠤᠯᠴᠢᠯᠠᠯ ᠤᠨ ᠶᠠᠮᠤᠨ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ  ᠤᠨ ᠭᠦᠨᠵᠡᠭᠡᠢ ᠠᠭᠤᠰᠤᠯᠴᠠᠨ ᠬᠥᠭᠵᠢᠬᠦ  ᠶᠢ ᠲᠦᠯᠬᠢᠨ ᠠᠬᠢᠭᠤᠯᠬᠤ ᠲᠤᠬᠠᠢ ᠮᠡᠳᠡᠭᠳᠡᠯ︾ ᠤᠨ ᠳᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2023/12/5
     ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ︽ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠪᠣᠳᠠᠰ ᠤᠨ ᠪᠤᠰᠤ ᠰᠣᠶᠣᠯ ᠤᠨ ᠥᠪ ᠤᠨ ᠵᠤᠷᠭᠠᠨ ᠤ ᠳᠠᠷᠤᠭ᠎ᠠ ᠸᠠᠩ ᠴᠧᠨ ᠶᠠᠩ ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ᠂ ᠠᠴᠢ ᠬᠤᠯᠪᠣᠭᠳᠠᠯ᠂ ᠭᠤᠣᠯ ᠠᠭᠤᠯᠭ᠎ᠠ᠂ ᠣᠨᠴᠠᠯᠢᠭ ᠵᠢᠴᠢ ᠳᠠᠷᠠᠭᠠᠴᠢ ᠶᠢᠨ ᠠᠯᠬᠤᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠪᠣᠳᠣᠯᠬᠢᠯᠠᠯ ᠵᠡᠷᠭᠡ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠠᠰᠠᠭᠤᠯᠲᠠ᠄ ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠨᠢ ᠶᠠᠭᠤ ᠪᠣᠶ︖      ᠬᠠᠷᠢᠭᠤᠯᠲᠠ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠰᠣᠶᠣᠯ ᠢᠶᠠᠷ ᠵᠢᠭᠤᠯᠴᠢᠯᠠᠯ ᠢ ᠴᠤᠭᠴᠠᠯᠠᠬᠤ᠂  ᠵᠢᠭᠤᠯᠴᠢᠯᠠᠯ ᠢᠶᠠᠷ ᠰᠤᠶᠤᠯ ᠢ ᠲᠤᠪᠤᠶᠢᠯᠭᠠᠬᠤ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ ᠭᠡᠵᠦ ᠳᠤᠷᠠᠳᠪᠠ᠃ 2022 ᠣᠨ ᠤ 12 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠳᠤ ᠴᠢᠬᠤᠯᠠ ᠵᠢᠭᠠᠪᠤᠷᠢ ᠥᠭᠴᠦ᠂ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠪᠠ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ︔ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠪᠣᠯᠪᠠᠰᠤᠨ ᠤ ᠰᠣᠯᠢᠯᠴᠠᠭ᠎ᠠ ᠲᠣᠯᠢᠯᠠᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠰᠣᠶᠣᠯ ᠤᠨ ᠨᠡᠩ ᠰᠠᠶᠢᠨ ᠢᠶᠠᠷ ᠳᠡᠯᠡᠬᠡᠢ ᠳᠤ ᠠᠯᠳᠠᠷᠰᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠨᠢ ᠤᠤᠯ  ᠠᠴᠠ ᠪᠠᠨ ᠨᠡᠶᠢᠯᠡᠯᠲᠡ ᠶᠢᠨ ᠴᠡᠭ ᠲᠠᠢ ᠪᠠᠶᠢᠵᠤ᠂ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠬᠤ ᠳᠤ ᠪᠠᠶᠢᠪᠠᠰᠤ ᠵᠣᠬᠢᠬᠤ ᠠᠭᠤᠯᠭ᠎ᠠ ᠪᠠ ᠴᠢᠬᠤᠯᠠ ᠠᠭᠤᠯᠭ᠎ᠠ ᠪᠣᠯᠣᠨ᠎ᠠ᠃ ᠣᠳᠣᠬᠠᠨ ᠳᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠪᠣᠳᠠᠰ ᠤᠨ ᠪᠤᠰᠤ ᠰᠣᠶᠣᠯ ᠤᠨ ᠥᠪ  ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠮᠠᠰᠢ ᠶᠡᠭᠡ ᠠᠩᠬᠠᠷᠴᠤ᠂ ᠡᠯ᠎ᠡ ᠭᠠᠵᠠᠷ ᠤᠨ ᠬᠢᠨ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ  ᠢ ᠠᠭᠤᠰᠤᠯᠴᠠᠭᠤᠯᠤᠨ ᠬᠥᠭᠵᠢᠬᠦᠯᠬᠦ ᠠᠮᠢᠳᠤᠯᠢᠭ ᠦᠢᠯᠡᠳᠦᠯᠭᠡ ᠶᠢ ᠥᠷᠨᠢᠭᠦᠯᠵᠦ᠂  ᠨᠢᠬᠡ ᠬᠡᠮᠵᠢᠶᠡᠨ ᠤ ᠠᠵᠢᠯ ᠤᠨ ᠦᠷ᠎ᠡ ᠪᠦᠲᠦᠮᠵᠢ ᠣᠯᠵᠠᠢ᠃ ᠡᠭᠦᠨ ᠤ ᠬᠠᠮᠲᠤ᠂ ᠬᠡᠰᠡᠭ ᠭᠠᠵᠠᠷ ᠣᠷᠣᠨ ᠳᠤ ᠪᠠᠰᠠ ᠪᠣᠳᠠᠰ ᠤᠨ ᠪᠤᠰᠤ ᠰᠣᠶᠣᠯ ᠤᠨ ᠥᠪ ᠤᠨ ᠠᠭᠤᠯᠤᠭᠳᠠᠬᠤᠨ ᠢ ᠭᠦᠢᠴᠡᠳ ᠠᠭᠤᠳᠠᠯᠤᠭᠰᠠᠨ ᠦᠭᠡᠢ᠂ ᠰᠣᠶᠣᠯ ᠢᠶᠠᠷ ᠵᠢᠭᠤᠯᠴᠢᠯᠠᠯ ᠢ  ᠴᠤᠭᠴᠠᠯᠠᠬᠤ  ᠦᠢᠯᠡᠳᠦᠯ ᠢ ᠭᠦᠢᠴᠡᠳ ᠪᠠᠳᠠᠷᠠᠭᠤᠯᠤᠭᠰᠠᠨ ᠦᠭᠡᠢ︔ ᠪᠤᠳᠠᠰ ᠤᠨ ᠪᠤᠰᠤ ᠰᠤᠶᠤᠯ ᠤᠨ ᠥᠪ ᠤᠨ ᠬᠡᠰᠡᠭ ᠵᠠᠯᠭᠠᠮᠵᠢᠯᠠᠭᠴᠢ  ᠵᠢᠭᠤᠯᠴᠢᠯᠠᠯ ᠲᠠᠢ ᠠᠭᠤᠰᠤᠯᠴᠠᠬᠤ ᠶᠢ ᠤᠯᠠᠮᠵᠢᠯᠠᠨ ᠵᠠᠯᠭᠠᠮᠵᠢᠯᠠᠬᠤ ᠦᠢᠯᠡᠳᠦᠯᠭᠡ ᠶᠢᠨ ᠰᠢᠨ᠎ᠡ ᠠᠷᠭ᠎ᠠ ᠮᠠᠶ᠋ᠢᠭ ᠪᠣᠯᠭᠠᠭᠠᠳᠤᠢ᠂ ᠵᠢᠭᠤᠯᠴᠢᠯᠠᠯ ᠢᠶᠠᠷ ᠰᠤᠶᠤᠯ ᠢ ᠳᠣᠪᠤᠶᠢᠯᠭᠠᠬᠤ ᠦᠷ᠎ᠡ ᠪᠦᠲᠦᠮᠵᠢ ᠪᠠᠷ ᠢᠯᠡᠷᠬᠡᠢ ᠪᠢᠰᠢ ︔ ᠬᠤᠯᠪᠣᠭᠳᠠᠯ ᠪᠦᠬᠦᠢ ᠵᠢᠭᠤᠯᠴᠢᠯᠠᠯ ᠤᠨ ᠦᠢᠯᠡᠴᠢᠯᠡᠭᠡᠨ ᠤ ᠳᠣᠮᠳᠠ ᠪᠤᠳᠠᠰ  ᠤᠨ ᠪᠤᠰᠤ ᠰᠤᠶᠤᠯ  ᠤᠨ ᠥᠪ ᠤᠨ ᠵᠠᠯᠭᠠᠮᠵᠢᠯᠠᠭᠴᠢᠳ ᠤᠨ ᠣᠷᠤᠯᠴᠠᠯᠭ᠎ᠠ ᠶᠢᠨ ᠭᠦᠨᠴᠡ ᠬᠦᠷᠦᠯᠴᠡᠬᠦ ᠦᠭᠡᠢ᠂ ᠪᠠᠲᠤᠯᠠᠭ᠎ᠠ ᠶᠢᠨ ᠲᠣᠭᠲᠠᠴᠠ ᠲᠡᠭᠦᠯᠳᠡᠷ ᠪᠤᠰᠤ ᠵᠡᠷᠭᠡ ᠠᠰᠠᠭᠤᠳᠠᠯ ᠤᠷᠤᠰᠢᠵᠤ᠂ ᠨᠡᠶᠢᠭᠡᠮ ᠪᠠ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠬᠤ ᠴᠢᠬᠤᠯᠠᠲᠠᠢ ᠪᠠᠶᠢᠨ᠎ᠠ᠃      ︽ᠮᠡᠳᠡᠭᠳᠡᠯ︾ ᠢ ᠨᠡᠶᠢᠲᠡᠯᠡᠭᠰᠡᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠪᠠᠷ ᠳᠠᠮᠵᠢᠭᠤᠯᠤᠨ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠬᠠᠮᠲᠤ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠦᠯᠭᠡ ᠶᠢᠨ ᠠᠷᠭ᠎ᠠ ᠮᠠᠶ᠋ᠢᠭ ᠢ ᠥᠷᠭᠡᠳᠬᠡᠨ᠂  ᠪᠤᠳᠠᠰ ᠤᠨ ᠪᠤᠰᠤ ᠰᠤᠶᠤᠯ ᠤᠨ ᠥᠪ  ᠤᠨ ᠦᠢᠯᠡᠳᠦᠯᠭᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮ ᠤᠨ ᠴᠢᠨᠠᠷᠲᠠᠢ ᠬᠠᠮᠠᠭᠠᠯᠠᠯᠲᠠ ᠶᠢ ᠲᠦᠯᠬᠢᠨ ᠠᠬᠢᠭᠤᠯᠵᠤ ᠴᠢᠳᠠᠬᠤ ᠮᠥᠷᠲᠡᠭᠡᠨ ᠪᠠᠰᠠ ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠵᠤ᠂ ᠵᠢᠭᠤᠯᠴᠢᠯᠠᠯ ᠤᠨ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠦᠨ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠴᠢᠳᠠᠨ᠎ᠠ᠃      ᠠᠰᠠᠭᠤᠯᠲᠠ᠄ ︽ᠮᠡᠳᠡᠭᠳᠡᠯ︾  ᠤᠨ ᠭᠤᠤᠯ ᠠᠭᠤᠯᠭ᠎ᠠ ᠪᠠ ᠤᠨᠴᠠᠯᠢᠭ ᠨᠢ ᠶᠠᠭᠤ ᠪᠤᠢ︖      ᠬᠠᠷᠢᠭᠤᠯᠲᠠ᠄ ︽ᠮᠡᠳᠡᠭᠳᠡᠯ︾ ᠳᠤ ᠶᠡᠷᠦᠩᠬᠡᠢ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ 3 ᠬᠡᠰᠡᠭ ᠬᠤᠪᠢᠶᠠᠵᠤ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠬᠤ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠪᠡ᠃ ︽ᠮᠡᠳᠡᠭᠳᠡᠯ︾ ᠳᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ ᠰᠣᠶᠣᠯ ᠢᠶᠠᠷ ᠵᠢᠭᠤᠯᠴᠢᠯᠠᠯ ᠶᠢ  ᠴᠤᠭᠴᠠᠯᠠᠬᠤ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ ᠶᠢ ᠪᠠᠷᠢᠮᠲᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠤᠯᠠᠮᠵᠢᠯᠠᠯ ᠪᠠ  ᠵᠢᠭᠤᠯᠴᠢᠯᠠᠯ ᠤᠨ ᠬᠥᠭᠵᠢᠯᠲᠡ ᠶᠢᠨ ᠵᠢᠮ᠎ᠡ ᠶᠣᠰᠣ ᠣᠨᠴᠠᠯᠢᠭ ᠢ ᠪᠠᠲᠤ ᠡᠵᠡᠮᠰᠢᠵᠦ᠂ ᠪᠦᠲᠦᠮᠵᠢᠲᠡᠶ ᠬᠠᠮᠠᠭᠠᠯᠠᠭᠰᠠᠨ ᠤᠷᠢᠲᠠᠯ ᠳᠣᠣᠷ᠎ᠠ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠨᠠᠩ ᠥᠷᠭᠡᠨ ᠬᠡᠪᠴᠢᠶ᠎ᠡ᠂ ᠨᠠᠩ ᠭᠦᠨ ᠲᠠᠰ ᠳᠠᠪᠬᠤᠷᠭ᠎ᠠ᠂ ᠨᠠᠩ ᠥᠨᠳᠥᠷ ᠬᠢᠷᠢ ᠲᠦᠪᠰᠢᠨ ᠳᠡᠭᠡᠷ᠎ᠡ ᠠᠭᠤᠰᠤᠯᠴᠠᠭᠤᠯᠬᠤ ᠶᠢ ᠠᠬᠢᠭᠤᠯᠵᠤ᠂ ᠲᠥᠷᠥᠯ ᠵᠦᠢᠯ ᠢ ᠡᠮᠬᠢᠯᠡᠨ ᠳᠢᠭᠯᠡᠬᠦ ᠶᠢ ᠴᠢᠩᠭᠠᠳᠬᠠᠬᠤ᠂ ᠲᠥᠷᠥᠯ ᠵᠦᠢᠯ ᠤᠨ ᠣᠨᠴᠠᠯᠢᠭ ᠢ ᠳᠣᠪᠤᠶᠢᠯᠭᠠᠬᠤ᠂ ᠵᠢᠭᠤᠯᠴᠢᠯᠠᠯ ᠤᠨ ᠣᠷᠣᠨ ᠵᠠᠢ ᠳᠤ ᠠᠭᠤᠰᠤᠯᠴᠠᠭᠤᠯᠬᠤ᠂ ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠬᠤ᠂ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠠᠶᠢᠭᠤᠯᠬᠤ᠂ ᠰᠣᠶᠣᠯ ᠤᠨ ᠠᠮᠢ ᠠᠬᠤᠢ ᠶᠢ ᠬᠠᠮᠠᠭᠠᠯᠠᠬᠤ᠂ ᠣᠨᠴᠠᠯᠢᠭᠲᠤ ᠵᠠᠮ ᠱᠤᠭᠤᠮ ᠢ ᠪᠣᠶᠢᠵᠢᠭᠤᠯᠬᠤ᠂ ᠬᠤᠣᠰ ᠴᠢᠭᠯᠡᠯ ᠤᠨ ᠪᠤᠯᠪᠠᠰᠤᠷᠠᠯ ᠢ ᠥᠷᠨᠢᠭᠦᠯᠬᠦ ᠵᠡᠷᠭᠡ 8 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠲᠣᠭᠲᠠᠭᠠᠪᠠ᠃ ᠡᠭᠦᠨ ᠳᠤ ᠭᠤᠣᠯᠳᠠᠭᠤ ᠭᠤᠷᠪᠠᠨ ᠵᠦᠢᠯ ᠤᠨ ᠣᠨᠴᠠᠯᠢᠭ ᠲᠠᠢ᠄      ᠨᠢᠭᠡ ᠳᠤ᠂ ᠣᠶᠢᠯᠠᠭᠠᠭᠳᠠᠬᠤᠨ ᠢᠶᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠪᠠ᠃ ︽ᠮᠡᠳᠡᠭᠳᠡᠯ︾ ᠳᠤ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠬᠠᠷᠢᠯᠴᠠᠨ ᠠᠬᠢᠭᠤᠯᠬᠤ᠂ ᠬᠠᠷᠢᠯᠴᠠᠨ ᠲᠤᠯᠭᠠᠭᠤᠷᠢᠯᠠᠬᠤ᠂ ᠬᠠᠮᠵᠢᠯᠴᠠᠨ ᠬᠥᠭᠵᠢᠬᠦ ᠶᠢᠨ ᠬᠠᠷᠢᠴᠠᠭ᠎ᠠ ᠶᠢ ᠲᠣᠳᠣᠷᠬᠠᠶᠢᠯᠠᠨ ᠥᠭᠦᠯᠡᠵᠦ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠳᠤᠮᠳᠠ ᠪᠠᠷᠢᠮᠲᠠᠯᠠᠬᠤ ᠶᠣᠰᠣᠲᠠᠢ ᠵᠠᠷᠴᠢᠮ᠂ ᠠᠩᠬᠠᠷᠬᠤ ᠴᠢᠬᠤᠯᠠᠲᠠᠢ ᠠᠰᠠᠭᠤᠳᠠᠯ ᠢ ᠵᠢᠭᠠᠵᠤ ᠭᠠᠷᠭᠠᠪᠠ᠃ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠪᠤᠳᠠᠰ ᠤᠨ ᠪᠤᠰᠤ ᠰᠤᠶᠤᠯ ᠤᠨ ᠥᠪ ᠤᠨ ᠵᠠᠯᠭᠠᠮᠵᠢᠯᠠᠭᠴᠢ ᠶᠢᠨ ᠬᠠᠮᠲᠤ ᠨᠡᠶᠢᠲᠡ᠂ ᠵᠢᠭᠤᠯᠴᠢᠯᠠᠯ ᠤᠨ ᠠᠵᠢᠯ ᠡᠷᠬᠢᠯᠡᠭᠰᠡᠳ ᠵᠡᠷᠭᠡ ᠬᠠᠮᠢᠶ᠎ᠠ ᠪᠦᠬᠦᠢ ᠭᠤᠣᠯ ᠴᠣᠭᠴᠠ  ᠶᠢᠨ ᠪᠣᠳᠠᠰ ᠤᠨ ᠪᠤᠰᠤ ᠰᠣᠶᠣᠯ ᠤᠨ ᠥᠪ ᠬᠢᠭᠡᠳ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ  ᠲᠠᠨᠢᠬᠤ  ᠶᠢ ᠬᠥᠲᠥᠯᠥᠨ ᠵᠢᠯᠤᠭᠤᠳᠴᠤ᠂ ᠠᠭᠤᠰᠤᠯᠴᠠᠭᠤᠯᠤᠨ ᠬᠥᠭᠵᠢᠭᠦᠯᠬᠦ ᠶᠠᠪᠤᠴᠠ ᠳᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠶᠢ ᠬᠠᠮᠲᠤ   ᠳᠤ ᠨᠢ ᠬᠠᠷᠠᠭᠠᠯᠵᠠᠨ᠎ᠠ᠃      ᠬᠤᠶᠠᠷ ᠲᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠎ᠠ᠃ ︽ᠮᠡᠳᠡᠭᠳᠡᠯ︾ ᠳᠤ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠲᠠᠨᠢᠯᠴᠠᠭᠤᠯᠬᠤ ᠭᠠᠷᠴᠠᠭ ᠢ ᠪᠠᠶᠢᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠠᠶᠢᠭᠤᠯᠬᠤ᠂ ᠵᠢᠭᠤᠯᠴᠢᠯᠠᠯ ᠤᠨ ᠵᠠᠮ ᠱᠤᠭᠤᠮ ᠢ ᠪᠣᠶᠢᠵᠢᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠦᠵᠡᠮᠵᠢ ᠶᠢᠨ ᠣᠷᠣᠨ ᠢ ᠪᠠᠶᠢᠭᠤᠯᠬᠤ ᠵᠡᠷᠭᠡ ᠠᠵᠢᠯ ᠤᠨ ᠭᠠᠷᠳᠠᠴᠠ ᠶᠢ ᠳᠤᠷᠠᠳᠤᠨ ᠭᠠᠷᠭᠠᠵᠤ᠂ ᠡᠯ᠎ᠡ ᠭᠠᠵᠠᠷ ᠤᠨ ᠬᠢᠨ ᠤ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠭᠦᠨᠵᠡᠭᠡᠢ ᠠᠬᠢᠭᠤᠯᠬᠤ ᠳᠤ ᠪᠣᠳᠠᠲᠠᠢ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃      ᠭᠤᠷᠪᠠ ᠳᠤ᠂ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ︽ᠮᠡᠳᠡᠭᠳᠡᠯ︾ ᠳᠤ ᠪᠤᠳᠠᠰ ᠤᠨ ᠪᠤᠰᠤ ᠰᠤᠶᠤᠯ  ᠤᠨ ᠥᠪ  ᠤᠨ ᠵᠠᠯᠭᠠᠮᠵᠢᠯᠠᠭᠴᠢ ᠶᠢᠨ ᠵᠢᠭᠤᠯᠴᠢᠯᠠᠯ ᠤᠨ ᠬᠠᠮᠢᠶᠠᠷᠤᠯᠲᠠ ᠪᠠ ᠦᠢᠯᠡᠴᠢᠯᠡᠭᠡ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠵᠢᠭᠤᠯᠴᠢᠯᠠᠯ ᠯᠤᠭ᠎ᠠ ᠭᠦᠨᠵᠡᠭᠡᠢ ᠠᠭᠤᠰᠤᠯᠴᠠᠬᠤ ᠪᠠᠷ ᠳᠠᠮᠵᠢᠭᠤᠯᠤᠨ᠂ ᠪᠤᠳᠠᠰ ᠤᠨ ᠪᠤᠰᠤ ᠰᠤᠶᠤᠯ  ᠤᠨ ᠥᠪ  ᠤᠨ ᠤᠯᠠᠮᠵᠢᠯᠠᠬᠤ ᠦᠢᠯᠡᠳᠦᠯᠭᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠬᠠᠮᠢᠶ᠎ᠠ ᠪᠦᠬᠦᠢ ᠬᠠᠮᠲᠤ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠵᠢᠭᠤᠯᠴᠢᠯᠠᠯ ᠤᠨ ᠦᠢᠯᠡᠴᠢᠯᠡᠭᠡᠨ ᠤ ᠳᠤᠮᠳᠠ ᠪᠣᠳᠠᠰ ᠤᠨ ᠪᠤᠰᠤ ᠰᠣᠶᠣᠯ ᠤᠨ ᠥᠪ ᠤᠨ ᠠᠭᠤᠯᠤᠭᠳᠠᠬᠤᠨ ᠢ ᠭᠦᠢᠴᠡᠳ ᠲᠠᠶᠢᠯᠪᠤᠷᠢᠯᠠᠭᠤᠯᠵᠤ᠂ ᠨᠡᠶᠢᠭᠡᠮ ᠤᠨ ᠬᠦᠴᠦᠨ ᠤ ᠥᠷᠭᠡᠨ ᠢᠶᠠᠷ ᠣᠷᠣᠯᠴᠠᠬᠤ ᠶᠢ ᠳᠡᠮᠵᠢᠵᠦ᠂ ᠡᠯ᠎ᠡ ᠭᠤᠣᠯ ᠴᠣᠭᠴᠠ ᠶᠢᠨ ᠬᠠᠮᠲᠤ ᠪᠠᠷ ᠬᠦᠴᠦᠯᠡᠵᠦ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃      ᠠᠰᠠᠭᠤᠯᠲᠠ᠄ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠲᠠᠷᠠᠭᠠᠴᠢ ᠶᠢᠨ ᠠᠯᠬᠤᠮ ᠳᠤ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠳᠤ ᠶᠠᠮᠠᠷ ᠪᠣᠳᠣᠯᠬᠢᠯᠠᠯ ᠲᠠᠢ ᠪᠣᠶ︖      ᠬᠠᠷᠢᠭᠤᠯᠲᠠ᠄ ᠳᠠᠷᠠᠭᠠᠴᠢ ᠶᠢᠨ ᠠᠯᠬᠤᠮ ᠳᠤ᠂ ᠪᠢᠳᠡ ︽ᠮᠡᠳᠡᠭᠳᠡᠯ︾ ᠤᠨ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠤᠯᠠᠮᠵᠢᠯᠠᠨ ᠵᠠᠯᠭᠠᠮᠵᠢᠯᠠᠬᠤ ᠬᠠᠮᠲᠤ ᠨᠡᠶᠢᠲᠡ᠂ ᠵᠢᠭᠤᠯᠴᠢᠯᠠᠯ ᠤᠨ ᠡᠵᠡᠩᠨᠡᠯᠲᠡ ᠶᠢᠨ ᠭᠤᠣᠯ ᠴᠣᠭᠴᠠ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠤᠷᠢ ᠪᠠ ᠲᠣᠰ ᠪᠡᠶ᠎ᠡ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ ᠠᠭᠤᠰᠤᠯᠴᠠᠨ ᠬᠥᠭᠵᠢᠬᠦ ᠶᠢᠨ ᠭᠠᠷᠳᠠᠬᠤ ᠴᠡᠭ ᠢ ᠣᠨᠣᠪᠴᠢᠲᠠᠶ ᠡᠷᠢᠵᠦ᠂ ᠢᠳᠡᠪᠬᠢᠲᠡᠢ ᠣᠷᠣᠯᠴᠠᠵᠤ᠂ ᠰᠠᠨᠠᠭᠠᠴᠢᠯᠠᠭ᠎ᠠ   ᠠᠴᠠ ᠪᠠᠨ ᠠᠵᠢᠯᠯᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ︽ᠮᠡᠳᠡᠭᠳᠡᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠦᠨᠡᠨ ᠬᠦ ᠠᠬᠢᠭᠤᠯᠤᠨ᠎ᠠ᠃      ᠨᠢᠭᠡ ᠳᠤ᠂ ᠡᠯ᠎ᠡ ᠭᠠᠵᠠᠷ ᠤᠨ ᠬᠢᠨ ᠤ ︽ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ ᠠᠵᠢᠯ ᠤᠨ ᠲᠥᠰᠥᠯ ᠢᠶᠠᠨ ᠨᠠᠷᠢᠯᠢᠭᠵᠢᠭᠤᠯᠬᠤ ᠶᠢ ᠵᠢᠯᠤᠭᠤᠳᠤᠨ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠲᠠᠨᠢᠯᠴᠠᠭᠤᠯᠬᠤ ᠭᠠᠷᠴᠠᠭ ᠢ ᠪᠠᠶᠢᠭᠤᠯᠬᠤ ᠪᠠᠷ ᠰᠠᠭᠤᠷᠢ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠭᠤᠣᠯ ᠴᠣᠭᠴᠠ ᠬᠢᠭᠡᠳ ᠵᠢᠭᠤᠯᠴᠢᠯᠠᠯ ᠤᠨ ᠡᠵᠡᠩᠨᠡᠯᠲᠡ ᠶᠢᠨ ᠭᠤᠣᠯ ᠴᠣᠭᠴᠠ ᠶᠢ ᠥᠷᠭᠡᠨ ᠢᠶᠠᠷ ᠵᠤᠯᠭᠠᠭᠤᠯᠬᠤ᠂ ᠭᠦᠨᠵᠡᠭᠡᠢ ᠬᠠᠮᠲᠤᠷᠠᠯᠴᠠᠬᠤ ᠶᠢ ᠳᠡᠮᠵᠢᠵᠦ᠂ ᠬᠤᠣᠰ ᠴᠢᠭᠯᠡᠯ ᠤᠨ ᠪᠤᠯᠪᠠᠰᠤᠷᠠᠯ ᠥᠷᠨᠢᠭᠦᠯᠬᠦ ᠪᠠᠷ ᠳᠠᠮᠵᠢᠭᠤᠯᠤᠨ᠂ ᠤᠯᠠᠮᠵᠢᠯᠠᠨ ᠵᠠᠯᠭᠠᠮᠵᠢᠯᠠᠭᠴᠢ ᠪᠠ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠠᠭᠤᠰᠤᠯᠴᠠᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠦᠵᠡᠮᠵᠢ ᠶᠢᠨ ᠣᠷᠣᠨ ᠢ ᠮᠠᠭᠠᠳᠯᠠᠨ ᠲᠣᠭᠲᠠᠭᠠᠬᠤ ᠪᠠ  ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠢ ᠨᠡᠶᠢᠲᠡᠯᠡᠬᠦ ᠪᠠᠷ ᠳᠠᠮᠵᠢᠭᠤᠯᠤᠨ  ᠭᠦᠨᠵᠡᠭᠡᠢ ᠠᠭᠤᠰᠤᠯᠴᠠᠭᠰᠠᠨ ᠦᠷ᠎ᠡ ᠪᠦᠲᠦᠭᠡᠯ ᠢ ᠳᠡᠯᠭᠡᠷᠡᠭᠦᠯᠦᠨ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ  ᠬᠥᠭᠵᠢᠬᠦ  ᠶᠢ ᠳᠦᠯᠬᠢᠨ ᠠᠬᠢᠭᠤᠯᠤᠨ᠎ᠠ᠃      ᠬᠤᠶᠠᠷ ᠲᠤ᠂ ᠤᠯᠠᠮᠵᠢᠯᠠᠨ ᠵᠠᠯᠭᠠᠮᠵᠢᠯᠠᠭᠴᠢ  ᠶᠢᠨ ᠤᠳᠤ ᠦᠶ᠎ᠡ ᠶᠢᠨ ᠵᠢᠭᠤᠯᠴᠢᠯᠠᠯ ᠤᠨ ᠬᠡᠷᠡᠭᠴᠡᠭᠡ ᠪᠠ ᠵᠢᠭᠤᠯᠴᠢᠯᠠᠯ ᠠᠴᠠ ᠪᠣᠯᠤᠭᠰᠠᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠬᠤᠪᠢᠷᠠᠯᠲᠠ ᠳᠤ ᠢᠳᠡᠪᠬᠢᠲᠡᠢ ᠪᠠᠷ ᠵᠤᠬᠢᠴᠠᠬᠤ  ᠶᠢ ᠬᠥᠲᠥᠯᠥᠨ ᠵᠢᠯᠤᠭᠤᠳᠴᠤ᠂ ᠪᠤᠳᠠᠰ ᠤᠨ ᠪᠤᠰᠤ ᠰᠤᠶᠤᠯ  ᠤᠨ ᠥᠪ  ᠤᠨ ᠵᠠᠯᠭᠠᠮᠵᠢᠯᠠᠯ ᠳᠤ ᠨᠡᠩ ᠥᠷᠭᠡᠨ ᠠᠭᠤᠳᠠᠮ ᠣᠷᠣᠨ ᠵᠠᠢ ᠶᠢ ᠥᠷᠭᠡᠳᠬᠡᠵᠦ ᠥᠭᠭᠦᠨ᠎ᠡ᠃ ᠵᠢᠭᠤᠯᠴᠢᠯᠠᠭᠴᠢᠳ ᠲᠤ ᠬᠠᠨᠳᠤᠭᠤᠯᠤᠨ ᠲᠤᠬᠠᠢ ᠶᠢᠨ ᠭᠠᠵᠠᠷ ᠤᠨ ᠲᠤᠮᠤᠭ ᠶᠠᠷᠢᠶ᠎ᠠ ᠂ ᠳᠤᠮᠤᠭ ᠦᠯᠢᠭᠡᠷ ᠢ ᠰᠠᠶᠢᠲᠤᠷ ᠶᠠᠷᠢᠵᠤ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠣᠭᠯᠠᠯᠲᠠ ᠶᠢ ᠥᠷᠨᠢᠭᠦᠯᠵᠦ᠂ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠶᠢ ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ ᠤᠨ ᠲᠣᠭᠤᠷᠢᠨ ᠦᠵᠡᠬᠦ᠂ ᠬᠠᠷᠢᠯᠴᠠᠨ ᠬᠥᠳᠡᠯᠦᠯᠴᠡᠬᠦ᠂ ᠪᠡᠶᠡᠴᠢᠯᠡᠨ ᠣᠶᠢᠯᠠᠭᠠᠬᠤ᠂ ᠰᠤᠷᠤᠯᠴᠠᠬᠤ ᠬᠡᠷᠡᠭᠴᠡᠭᠡ ᠶᠢ ᠬᠠᠩᠭᠠᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠵᠢᠭᠤᠯᠴᠢᠯᠠᠯ ᠤᠨ ᠣᠷᠣᠨ ᠵᠠᠢ ᠶᠢᠨ ᠵᠢᠭᠤᠯᠴᠢᠯᠠᠯ ᠥᠷᠨᠢᠭᠦᠯᠬᠦ ᠳᠤ ᠲᠣᠬᠢᠷᠠᠮᠵᠢᠲᠠᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠲᠠᠢ ᠢᠳᠡᠪᠬᠢᠲᠡᠢ ᠵᠣᠯᠭᠠᠬᠤ ᠶᠢ ᠵᠣᠷᠢᠭᠵᠢᠭᠤᠯᠵᠤ᠂ ᠲᠥᠷᠥᠯ ᠵᠦᠢᠯ ᠤᠨ ᠳᠡᠯᠭᠡᠨ ᠦᠵᠡᠭᠦᠯᠵᠦ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠢᠭᠤᠯᠴᠢᠯᠠᠯ ᠤᠨ ᠦᠢᠯᠡᠳᠬᠦᠨ ᠤ ᠠᠭᠤᠯᠭ᠎ᠠ ᠪᠠ ᠬᠡᠯᠪᠡᠷᠢ ᠶᠢ ᠪᠠᠶᠠᠯᠢᠭᠵᠢᠭᠤᠯᠤᠨ᠂ ᠤᠯᠠᠮᠵᠢᠯᠠᠨ ᠵᠠᠯᠭᠠᠮᠵᠢᠯᠠᠭᠴᠢ ᠶᠢᠨ ᠵᠢᠭᠤᠯᠴᠢᠯᠠᠯ ᠤᠨ ᠣᠷᠣᠨ ᠵᠠᠢ ᠳᠤ ᠤᠯᠠᠮᠵᠢᠯᠠᠨ ᠵᠠᠯᠭᠠᠮᠵᠢᠯᠠᠬᠤ ᠦᠢᠯᠡᠳᠦᠯᠭᠡ ᠪᠠ ᠵᠢᠭᠤᠯᠴᠢᠯᠠᠯ ᠤᠨ ᠦᠢᠯᠡᠴᠢᠯᠡᠭᠡ ᠥᠷᠨᠢᠭᠦᠯᠬᠦ ᠳᠤ ᠲᠥᠬᠦᠮ ᠨᠥᠬᠦᠴᠡᠯ ᠬᠠᠩᠭᠠᠵᠤ᠂ ᠤᠯᠠᠮᠵᠢᠯᠠᠨ ᠵᠠᠯᠭᠠᠮᠵᠢᠯᠠᠭᠴᠢ  ᠶᠢᠨ ᠵᠢᠭᠤᠯᠴᠢᠯᠠᠯ ᠤᠨ ᠦᠢᠯᠡᠳᠬᠦᠨ ᠢ ᠰᠤᠳᠤᠯᠤᠨ ᠨᠡᠭᠡᠭᠡᠬᠦ ᠪᠠ ᠵᠢᠭᠤᠯᠴᠢᠯᠠᠯ ᠤᠨ ᠦᠢᠯᠡᠴᠢᠯᠡᠭᠡᠨ ᠤ ᠬᠠᠮᠢᠶᠠᠷᠤᠯᠲᠠ ᠳᠤ ᠤᠷᠤᠯᠴᠠᠬᠤ  ᠶᠢ ᠳᠠᠲᠠᠵᠤ᠂ ᠤᠯᠠᠮᠵᠢᠯᠠᠨ ᠵᠠᠯᠭᠠᠮᠵᠢᠯᠠᠭᠴᠢ ᠶᠢᠨ ᠣᠷᠣᠯᠴᠠᠬᠤ ᠬᠡᠮᠵᠢᠶ᠎ᠡ ᠪᠠ ᠭᠥᠷᠳᠡᠬᠦ ᠲᠥᠷᠥᠭᠳᠡᠯ ᠢ ᠳᠡᠭᠡᠭᠰᠢᠯᠡᠭᠦᠯᠦᠨ᠎ᠡ᠃      ᠭᠤᠷᠪᠠ ᠳᠤ᠂ ᠰᠣᠨᠢᠨ ᠮᠡᠳᠡᠭᠡᠨ ᠤ ᠵᠠᠭᠤᠴᠢᠯᠠᠭᠤᠷ᠂ ᠡᠯ᠎ᠡ ᠲᠦᠷᠦᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠢ ᠲᠠᠶᠢᠴᠢᠯᠠᠨ ᠥᠷᠭᠡᠨ ᠢᠶᠠᠷ ᠤᠬᠠᠭᠤᠯᠵᠤ᠂ ᠥᠷᠭᠡᠨ ᠤᠯᠠᠨ ᠵᠢᠭᠤᠯᠴᠢᠯᠠᠭᠴᠢ ᠶᠢᠨ ᠵᠢᠭᠤᠯᠴᠢᠯᠠᠯ ᠤᠨ ᠳᠤᠮᠳᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠢᠴᠡᠳ ᠲᠠᠨᠢᠬᠤ ᠶᠢ ᠵᠢᠯᠤᠭᠤᠳᠤᠨ᠂ ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠬᠤ᠂ ᠬᠦᠨᠳᠦᠳᠬᠡᠬᠦ ᠤᠬᠠᠮᠰᠠᠷ ᠢ ᠪᠤᠢ ᠪᠣᠯᠭᠠᠨ᠎ᠠ᠃ ᠡᠯ᠎ᠡ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠦᠭᠰᠡᠨ ᠠᠰᠢᠭᠲᠠᠢ ᠲᠤᠷᠰᠢᠯᠭ᠎ᠠ ᠠᠷᠭ᠎ᠠ ᠬᠢᠳᠡᠯ ᠢ ᠤᠬᠠᠭᠤᠯᠤᠨ ᠲᠠᠨᠢᠯᠴᠠᠭᠤᠯᠵᠤ᠂ ᠪᠦᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃      ᠳᠥᠷᠪᠡ ᠳᠤ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠲᠤᠬᠠᠢ ᠶᠢᠨ ᠲᠠᠯᠠᠪᠠᠢ ᠶᠢᠨ ᠰᠣᠯᠢᠯᠴᠠᠭᠠᠨ ᠤ ᠠᠵᠢᠯᠯᠠᠭ᠎ᠠ ᠶᠢ ᠡᠷᠬᠢᠯᠡᠵᠦ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠠᠭᠤᠳᠠᠯ  ᠤᠨ ᠬᠤᠷᠠᠯ ᠢ ᠬᠤᠷᠠᠯᠳᠤᠭᠤᠯᠵᠤ᠂ ᠠᠭᠤᠰᠤᠯᠴᠠᠭᠤᠯᠤᠨ ᠬᠥᠭᠵᠢᠭᠦᠯᠬᠦ ᠬᠠᠮᠲᠤ ᠶᠢᠨ ᠲᠠᠨᠢᠯᠲᠠ ᠶᠢ ᠴᠢᠨᠠᠭᠰᠢᠳᠠ ᠨᠢᠭᠲᠠᠷᠠᠭᠤᠯᠤᠨ᠎ᠠ᠃ ᠪᠦᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠢ ᠡᠯᠰᠡᠨ ᠴᠤᠭᠯᠠᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠲᠡᠯᠢᠭ ᠵᠢᠱᠢᠶ᠎ᠡ ᠪᠠᠷ ᠳᠠᠶᠢᠴᠢᠯᠠᠬᠤ ᠪᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠮᠡᠳᠡᠭᠦᠯᠬᠦ ᠪᠠ ᠦᠨᠡᠯᠡᠨ ᠲᠤᠭᠲᠠᠭᠠᠬᠤ ᠠᠵᠢᠯ ᠢ ᠰᠤᠳᠤᠯᠤᠨ ᠡᠬᠢᠯᠡᠭᠦᠯᠵᠦ᠂ ᠨᠢᠭᠡ ᠪᠦᠯᠦᠭ  ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠣᠷᠣᠨ ᠨᠤᠲᠤᠭ ᠤᠨ ᠬᠠᠶᠢᠨ ᠰᠦᠪᠡᠭᠴᠢᠯᠡᠭᠰᠡᠨ ᠰᠠᠭᠤᠷᠢᠨ ᠳᠡᠭᠡᠷ᠎ᠡ ᠨᠢᠭᠡ ᠪᠦᠯᠦᠭ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠦᠵᠡᠮᠵᠢ ᠶᠢᠨ ᠣᠷᠣᠨ ᠢ  ᠪᠥᠲᠦᠭᠡᠨ ᠪᠠᠶᠢᠭᠤᠯᠬᠤ  ᠶᠢ ᠲᠦᠯᠬᠢᠨ ᠠᠬᠢᠭᠤᠯᠤᠨ᠎ᠠ᠃
 
ᠢᠷᠡᠯᠲᠡ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号