︽ᠶᠤᠸᠠᠨ ᠢᠦᠢ ᠵᠸᠦ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023—2025 ᠤᠨ︶︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/5
    ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠰᠤᠷᠭᠠᠨ ᠬᠥᠮᠦᠵᠢᠯ ᠤᠨ ᠶᠠᠮᠤᠨ ᠂ ᠰᠣᠶᠣᠯ ᠪᠠ ᠵᠢᠭᠤᠯᠴᠢᠯᠠᠯ ᠤᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠠᠯᠪᠠᠨ ᠲᠢᠩᠬᠢᠮ ᠬᠠᠮᠲᠤᠷᠠᠨ ︽ᠶᠤᠸᠠᠨ ᠢᠦᠢ ᠵᠸᠦ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023 ︱ 2025 ᠣᠨ︶︾ ︵ᠲᠠᠷᠠᠭᠠᠴᠢ ᠶᠢᠨ ᠠᠭᠤᠯᠭ᠎ᠠ ᠳᠤ ︽ᠠᠵᠢᠯᠯᠠᠭᠠᠨ ᠤ ᠲᠥᠯᠥᠪᠯᠡᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ︽ᠠᠵᠢᠯᠯᠠᠭᠠᠨ ᠤ ᠲᠥᠯᠥᠪᠯᠡᠭᠡ︾ ᠶᠢ ᠨᠠᠩ ᠰᠠᠶᠢᠨ ᠣᠶᠢᠯᠠᠭᠠᠨ ᠬᠡᠷᠡᠭᠵᠢᠭᠦᠯᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠲᠠᠶᠢᠯᠤᠮᠵᠢ ᠬᠢᠶ᠎ᠠ᠄      ᠨᠢᠭᠡ᠂ ︽ᠠᠵᠢᠯᠯᠠᠭᠠᠨ ᠤ ᠲᠥᠯᠥᠪᠯᠡᠭᠡ︾ ᠶᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠤᠢ︖    ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠠᠭᠤᠰᠤᠯᠴᠠᠨ ᠪᠥᠭᠡᠮᠨᠡᠷᠡᠵᠦ ᠬᠥᠭᠵᠢᠬᠦ ᠶᠢ ᠠᠬᠢᠭᠤᠯᠵᠤ᠂ ᠨᠢᠭᠡ ᠪᠦᠯᠦᠭ ᠰᠢᠨ᠎ᠡ ᠨᠡᠮᠡᠭᠳᠡᠯ ᠤᠨ ᠬᠥᠳᠡᠯᠭᠡᠭᠦᠷ ᠢ ᠴᠣᠭᠴᠠᠯᠠᠨ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃ ᠶᠤᠸᠠᠨ ᠢᠦᠢ ᠵᠸᠦ ᠠᠵᠤ ᠦᠢᠯᠡᠰ ᠪᠣᠯ ᠬᠢᠮᠡᠯ ᠤᠶᠤᠨ᠂ ᠣᠷᠣᠨ ᠬᠡᠰᠡᠭ ᠤᠨ ᠬᠡᠯᠬᠢᠶ᠎ᠡ᠂ 5G᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠂ ᠬᠡᠶᠢᠰᠪᠦᠷᠢ ᠠᠬᠤᠢ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠠᠮ ᠬᠡᠷᠡᠭᠯᠡᠯᠲᠡ ᠮᠥᠨ᠂ ᠥᠷᠭᠡᠨ ᠠᠭᠤᠳᠠᠮ ᠣᠷᠣᠨ ᠵᠠᠢ ᠪᠠ ᠯᠤᠲᠤ ᠶᠡᠭᠡ ᠲᠡᠯᠳᠠ ᠬᠦᠴᠦᠨ ᠲᠠᠢ ᠢᠷᠡᠭᠡᠳᠦᠢ ᠶᠢᠨ ᠠᠵᠤ ᠦᠢᠯᠡᠰ ᠮᠥᠨ᠃ ᠶᠤᠸᠠᠨ ᠢᠦᠢ ᠵᠸᠦ ᠠᠵᠤ ᠦᠢᠯᠡᠰ ᠢ ᠬᠥᠭᠵᠢᠭᠦᠯᠬᠦ ᠨᠢ ᠲᠤᠭᠠᠵᠢᠭᠤᠯᠤᠭᠰᠠᠨ ᠠᠵᠤ ᠠᠬᠤᠢ ᠶᠢᠨ ᠰᠢᠨ᠎ᠡ ᠦᠵᠡᠭᠳᠡᠯ᠂ ᠰᠢᠨ᠎ᠡ ᠬᠡᠷᠡᠭᠯᠡᠭᠡ᠂ ᠰᠢᠨ᠎ᠡ ᠠᠮᠢ ᠠᠬᠤᠢ ᠶᠢ ᠶᠡᠭᠡ ᠪᠠᠷ ᠨᠡᠭᠡᠭᠡᠵᠦ᠂ ᠠᠵᠤ ᠠᠬᠤᠢ ᠶᠢᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠬᠤ ᠪᠣᠯᠣᠨ᠎ᠠ᠃ ᠢᠯᠠᠩᠭᠤᠶ᠎ᠠ ᠬᠡᠶᠢᠰᠪᠦᠷᠢ ᠠᠬᠤᠢ ᠶᠢ ᠠᠭᠤᠰᠤᠯᠴᠠᠭᠤᠯᠤᠨ ᠬᠠᠷᠢᠯᠴᠠᠨ ᠠᠬᠢᠭᠤᠯᠬᠤ ᠠᠵᠤ ᠦᠢᠯᠡᠳᠪᠦᠷᠢ ᠶᠢᠨ ᠶᠤᠸᠠᠨ ᠢᠦᠢ ᠵᠸᠦ ᠶᠢ ᠬᠥᠭᠵᠢᠭᠦᠯᠵᠦ᠂ ᠦᠢᠯᠡᠳᠬᠦ ᠦᠢᠯᠡᠰ ᠤᠨ ᠳᠡᠭᠡᠳᠦ ᠦᠵᠦᠭᠦᠷᠴᠢᠯᠡᠬᠦ᠂ ᠣᠶᠤᠨᠴᠢᠯᠠᠬᠤ᠂ ᠪᠣᠬᠢᠷᠲᠤᠯ ᠦᠭᠡᠢ ᠪᠠᠷ ᠲᠡᠰ ᠳᠡᠪᠰᠢᠬᠦ ᠶᠢ ᠴᠢᠨᠠᠭᠰᠢᠳᠠ ᠲᠦᠷᠭᠡᠳᠬᠡᠬᠦ ᠪᠣᠯᠣᠨ᠎ᠠ ᠂ ᠡᠨᠡ ᠪᠣᠯ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠦᠴᠦᠯᠡᠬᠦ ᠴᠡᠭ ᠤᠨ ᠨᠢᠭᠡ ᠪᠣᠯᠣᠨ᠎ᠠ᠃ ᠣᠳᠣᠬᠠᠨ ᠳᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠠᠭ ᠭᠦᠨᠵᠡᠭᠡᠶᠢᠷᠡᠨ ᠬᠥᠭᠵᠢᠵᠦ᠂ ᠪᠦᠬᠦ ᠪᠥᠮᠪᠥᠷᠴᠡᠭ ᠤᠨ ᠶᠤᠸᠠᠨ ᠢᠦᠢ ᠵᠸᠦ ᠠᠵᠤ ᠦᠢᠯᠡᠰ ᠲᠦᠷᠭᠡᠨ ᠬᠥᠭᠵᠢᠵᠦ᠂ ᠡᠯ᠎ᠡ ᠤᠯᠤᠰ ᠤᠨ ᠬᠢᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠡᠬᠢ ᠪᠠᠶᠠᠯᠢᠭ ᠤᠨ ᠣᠷᠣᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ ᠪᠠᠶᠢᠨ᠎ᠠ ᠃ ᠮᠠᠨ ᠤ ᠤᠯᠤᠰ ᠤᠨ ᠦᠢᠯᠡᠳᠬᠦ ᠦᠢᠯᠡᠰ ᠤᠨ ᠰᠢᠰᠲ᠋ᠧᠮ ᠪᠦᠷᠢᠨ᠂ ᠠᠬᠤᠢ ᠪᠠᠶᠢᠳᠠᠯ ᠤᠯᠠᠨ᠂ ᠵᠠᠬ᠎ᠠ ᠳᠡᠯᠭᠡᠭᠦᠷ ᠶᠡᠭᠡ᠂ ᠲᠤᠭᠠᠵᠢᠭᠤᠯᠤᠭᠰᠠᠨ ᠠᠵᠤ ᠠᠬᠤᠢ ᠥᠷᠨᠢᠩᠭᠦᠢ ᠬᠥᠭᠵᠢᠵᠦ᠂ ᠶᠤᠸᠠᠨ ᠢᠦᠢ ᠵᠸᠦ ᠠᠵᠤ ᠦᠢᠯᠡᠰ ᠢ ᠬᠥᠭᠵᠢᠭᠦᠯᠬᠦ ᠪᠠᠲᠤ ᠪᠠᠬᠢ ᠰᠠᠭᠤᠷᠢ ᠲᠠᠢ ᠪᠣᠯᠪᠠᠴᠤ ᠵᠠᠩᠭᠢᠯᠠᠭ᠎ᠠ ᠶᠢᠨ ᠮᠡᠷᠭᠡᠵᠢᠯ᠂ ᠠᠵᠤ ᠦᠢᠯᠡᠰ ᠤᠨ ᠠᠮᠢ ᠠᠬᠤᠢ᠂ ᠳᠠᠭᠠᠭᠤᠯᠤᠭᠴᠢ ᠠᠵᠤ ᠠᠬᠤᠶᠢᠯᠠᠯ᠂ ᠪᠠᠷᠢᠮᠵᠢᠶ᠎ᠠ ᠶᠢᠨ ᠵᠠᠰᠠᠯᠲᠠ ᠵᠡᠷᠭᠡ ᠲᠠᠯ᠎ᠠ ᠪᠠᠷ ᠮᠦᠨ ᠬᠦ ᠳᠤᠲᠠᠭᠤᠳᠠᠯ᠂ ᠪᠠᠭᠤᠷᠠᠢ ᠵᠦᠢᠯ ᠣᠷᠣᠰᠢᠵᠤ ᠪᠠᠶᠢᠨ᠎ᠠ᠃ ᠠᠵᠢᠯ ᠲᠦᠷᠦᠯ ᠤᠨ ᠬᠢᠨ ᠤ ᠬᠠᠮᠲᠤ ᠶᠢᠨ ᠲᠠᠨᠢᠯᠲᠠ ᠶᠢ ᠲᠦᠷᠭᠡᠨ ᠨᠢᠭᠲᠠᠷᠠᠭᠤᠯᠵᠤ᠂ ᠡᠬᠢ ᠪᠠᠶᠠᠯᠢᠭ ᠢ ᠬᠤᠷᠠᠮᠳᠤᠭᠤᠯᠤᠨ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠬᠠᠮᠵᠢᠯᠴᠠᠨ ᠬᠥᠭᠵᠢᠬᠦ ᠠᠵᠤ ᠦᠢᠯᠡᠰ ᠤᠨ ᠠᠮᠢ ᠠᠬᠤᠢ ᠶᠢ ᠪᠠᠶᠢᠭᠤᠯᠵᠤ᠂ ᠶᠤᠸᠠᠨ ᠢᠦᠢ ᠵᠸᠦ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢᠨ ᠲᠥᠯᠥᠭᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠵᠡᠷᠭᠡ 5 ᠰᠠᠯᠠᠭ᠎ᠠ ᠮᠥᠴᠢᠷ ᠬᠠᠮᠲᠤ ᠪᠠᠷ ︽ᠠᠵᠢᠯᠯᠠᠭᠠᠨ ᠤ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠪᠠ᠃        ᠬᠤᠶᠠᠷ᠂ ︽ᠠᠵᠢᠯᠯᠠᠭᠠᠨ ᠤ ᠲᠥᠯᠥᠪᠯᠡᠭᠡ︾ ᠶᠢᠨ ᠠᠵᠢᠯ ᠤᠨ ᠬᠠᠷᠠᠯᠲᠠ ᠨᠢ ᠶᠠᠭᠤ ᠪᠤᠢ︖      ︽ᠠᠵᠢᠯᠯᠠᠭᠠᠨ ᠤ ᠲᠥᠯᠥᠪᠯᠡᠭᠡ︾ ᠨᠢ ᠠᠯᠤᠰ ᠬᠡᠲᠦ ᠶᠢᠨ ᠪᠠᠶᠢᠷᠢᠰᠢᠭᠤᠯᠤᠯᠲᠠ ᠪᠠ ᠠᠯᠬᠤᠮ ᠬᠤᠪᠢᠶᠠᠨ ᠨᠠᠶᠢᠳᠠᠪᠤᠷᠢᠵᠢᠭᠤᠯᠬᠤ ᠰᠡᠳᠬᠢᠮᠵᠢ ᠪᠠᠷ᠂ ᠣᠶᠢᠷ᠎ᠠ ᠶᠢᠨ ᠬᠤᠭᠤᠴᠠᠭ᠎ᠠ ᠪᠠ ᠠᠯᠤᠰ ᠬᠡᠲᠦ ᠶᠢᠨ ᠬᠤᠶᠠᠷ ᠲᠠᠯ᠎ᠠ ᠠᠴᠠ ᠰᠢᠰᠲ᠋ᠧᠮ ᠲᠠᠢ ᠠᠷᠭ᠎ᠠ ᠪᠣᠳᠣᠯᠭ᠎ᠠ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠡᠢ᠃ ᠣᠶᠢᠷ᠎ᠠ ᠶᠢᠨ ᠬᠤᠭᠤᠴᠠᠭᠠᠨ ᠳᠤ᠂ 2025 ᠣᠨ ᠪᠣᠯᠬᠤ ᠳᠤ ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠭᠡᠨ᠎ᠡ᠃ ᠪᠣᠳᠠᠲᠠᠢ ᠬᠡᠮᠵᠢᠬᠦ ᠪᠠᠷᠢᠮᠵᠢᠶ᠎ᠠ ᠶᠢᠨ ᠲᠠᠯ᠎ᠠ ᠪᠠᠷ᠂ ᠡᠭᠦᠨ ᠳᠤ ᠶᠤᠸᠠᠨ ᠢᠦᠢ ᠵᠸᠦ ᠶᠢᠨ ᠮᠡᠷᠭᠡᠵᠢᠯ᠂ ᠠᠵᠤ ᠦᠢᠯᠡᠰ᠂ ᠬᠡᠷᠡᠭᠯᠡᠭᠡ ᠪᠠ ᠵᠠᠰᠠᠯᠲᠠ ᠵᠡᠷᠭᠡ ᠪᠦᠬᠦ ᠲᠠᠯ᠎ᠠ  ᠪᠠᠷ ᠰᠢᠪᠲᠤᠯᠤᠯᠲᠠ ᠲᠠᠢ ᠪᠣᠯᠵᠤ᠂ ᠪᠦᠬᠦ ᠪᠥᠮᠪᠥᠷᠴᠡᠭ ᠤᠨ ᠨᠥᠯᠥᠭᠡᠯᠡᠬᠦ ᠬᠦᠴᠦᠨ ᠲᠠᠢ ᠠᠮᠢ ᠠᠬᠤᠢ ᠶᠢᠨ ᠬᠡᠯᠪᠡᠷᠢ ᠶᠢᠨ 3 —᡺5 ᠠᠵᠤ ᠠᠬᠤᠶᠢᠯᠠᠯ ᠢ ᠪᠣᠶᠢᠵᠢᠭᠤᠯᠵᠤ᠂ 3 ︱ 5 ᠠᠵᠤ ᠦᠢᠯᠡᠰ ᠤᠨ ᠬᠥᠭᠵᠢᠯᠲᠡ ᠶᠢᠨ ᠲᠥᠪᠯᠡᠷᠡᠭᠰᠡᠨ ᠣᠷᠣᠨ ᠢ ᠪᠣᠶ ᠪᠣᠯᠭᠠᠵᠤ᠂ ᠠᠵᠤ ᠦᠢᠯᠡᠳᠪᠦᠷᠢ ᠶᠢᠨ ᠶᠤᠸᠠᠨ ᠢᠦᠢ ᠵᠸᠦ ᠶᠢᠨ ᠬᠥᠭᠵᠢᠯᠲᠡ ᠳᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠨᠢᠭᠡ ᠪᠦᠯᠦᠭ ᠨᠡᠶᠢᠲᠡᠯᠢᠭ ᠬᠡᠷᠡᠭᠯᠡᠭᠡᠨ ᠢ ᠪᠣᠶ ᠪᠣᠯᠭᠠᠵᠤ᠂ ᠨᠢᠭᠡ ᠪᠦᠯᠦᠭ ᠬᠡᠪ ᠳᠠᠭᠤᠷᠢᠶᠠᠯ ᠪᠣᠯᠬᠤ ᠦᠢᠯᠡᠳᠪᠦᠷᠢᠯᠡᠯ ᠤᠨ ᠱᠤᠭᠤᠮ ᠢ ᠪᠣᠶ ᠪᠣᠯᠭᠠᠵᠤ᠂ ᠦᠢᠯᠡᠳᠪᠦᠷᠢ᠂ ᠬᠦᠷᠢᠶᠡᠯᠡᠩ ᠲᠣᠭᠤᠷᠢᠭ᠂ ᠶᠤᠸᠠᠨ ᠢᠦᠢ ᠵᠸᠦ ᠶᠢᠨ ᠨᠡᠶᠢᠲᠡᠯᠢᠭ ᠵᠥᠭᠡᠯᠡᠨ ᠬᠠᠲᠠᠭᠤ ᠲᠣᠨᠤᠭ ᠤᠨ ᠦᠢᠯᠡᠳᠬᠦᠨ ᠢ ᠬᠡᠪᠴᠢᠶᠡᠵᠢᠭᠦᠯᠦᠨ ᠬᠡᠷᠡᠭᠯᠡᠬᠦ ᠶᠢ ᠪᠡᠶᠡᠯᠡᠭᠦᠯᠬᠦ ᠶᠢᠨ ᠬᠠᠮᠲᠤ ᠠᠮᠢᠳᠤᠷᠠᠯ ᠤᠨ ᠬᠡᠷᠡᠭᠯᠡᠭᠡ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶᠡᠨ ᠳᠤ ᠨᠢᠭᠡ ᠪᠦᠯᠦᠭ ᠰᠢᠨ᠎ᠡ ᠲᠤᠬᠠᠶᠢᠯᠠᠭᠰᠠᠨ ᠠᠵᠢᠯ᠂ ᠰᠢᠨ᠎ᠡ ᠵᠠᠭᠪᠤᠷ ᠪᠠ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠎ᠠ᠃ ᠠᠯᠤᠰ ᠤᠨ ᠲᠥᠯᠥᠪ ᠤᠨ ᠲᠠᠯ᠎ᠠ ᠪᠠᠷ᠂ ᠪᠠᠰᠠ ᠮᠡᠷᠭᠡᠵᠢᠯ ᠤᠨ ᠴᠢᠳᠠᠪᠤᠷᠢ ᠶᠢᠨ ᠲᠦᠪᠰᠢᠨ᠂ ᠠᠵᠤ ᠦᠢᠯᠡᠰ ᠤᠨ ᠰᠢᠰᠲ᠋ᠧᠮ᠂ ᠶᠤᠸᠠᠨ ᠢᠦᠢ ᠵᠸᠦ ᠶᠢᠨ ᠰᠢᠨ᠎ᠡ ᠣᠷᠣᠨ ᠵᠠᠢ ᠶᠢᠨ ᠲᠠᠯ᠎ᠠ ᠠᠴᠠ ᠬᠥᠭᠵᠢᠯᠲᠡ ᠶᠢᠨ ᠬᠠᠷᠠᠯᠲᠠ ᠳᠤᠷᠠᠳᠴᠤ᠂ ᠲᠤᠬᠠᠶᠢᠯᠠᠪᠠᠯ ᠭᠤᠣᠯᠯᠠᠬᠤ ᠮᠡᠷᠭᠡᠵᠢᠯ ᠨᠢ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠵᠦ᠂ ᠳᠡᠯᠡᠬᠡᠢ ᠶᠢᠨ ᠲᠡᠷᠢᠭᠦᠨ ᠤ ᠶᠤᠸᠠᠨ ᠢᠦᠢ ᠵᠸᠦ ᠶᠢᠨ ᠠᠵᠤ ᠦᠢᠯᠡᠰ ᠤᠨ ᠠᠮᠢ ᠠᠬᠤᠢ ᠶᠢᠨ ᠰᠢᠰᠲ᠋ᠧᠮ ᠢ ᠪᠤᠢ ᠪᠣᠯᠭᠠᠵᠤ᠂ ᠪᠣᠯᠪᠠᠰᠤᠷᠠᠩᠭᠤᠢ ᠪᠣᠯᠤᠭᠰᠠᠨ ᠠᠵᠤ ᠦᠢᠯᠡᠳᠪᠦᠷᠢ ᠶᠢᠨ ᠶᠤᠸᠠᠨ ᠢᠦᠢ ᠵᠸᠦ ᠶᠢ ᠪᠤᠢ ᠪᠣᠯᠭᠠᠵᠤ᠂ ᠡᠷᠡᠭᠦᠯ ᠪᠥᠭᠡᠳ ᠦᠷᠭᠦᠯᠵᠢᠯᠡᠬᠦ ᠠᠵᠤ ᠦᠢᠯᠡᠰ ᠤᠨ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠨᠠᠷᠮᠠᠢ ᠪᠥᠭᠡᠳ ᠨᠡᠶᠢᠳᠡᠮ ᠬᠡᠷᠡᠭᠯᠡᠭᠳᠡᠬᠦ᠂ ᠰᠡᠷᠡᠭᠳᠡᠯ ᠦᠭᠡᠢ ᠶᠤᠸᠠᠨ ᠢᠦᠢ ᠵᠸᠦ ᠶᠢᠨ ᠣᠷᠣᠨ ᠵᠠᠢ ᠶᠢ ᠪᠠᠶᠢᠭᠤᠯᠵᠤ᠂ ᠬᠥᠮᠥᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠲᠦᠯᠬᠢᠨ ᠠᠬᠢᠭᠤᠯᠤᠨ᠎ᠠ᠃       ᠭᠤᠷᠪᠠ᠂ ︽ᠠᠵᠢᠯᠯᠠᠭᠠᠨ ᠤ ᠲᠥᠯᠥᠪᠯᠡᠭᠡ︾ ᠶᠢᠨ ᠭᠤᠣᠯ ᠠᠭᠤᠯᠭ᠎ᠠ ᠨᠢ ᠶᠠᠭᠤ ᠪᠤᠢ︖      ᠭᠤᠣᠯ ᠠᠭᠤᠯᠭ᠎ᠠ ᠶᠢ ᠬᠤᠷᠢᠶᠠᠩᠭᠤᠶᠢᠯᠠᠪᠠᠯ᠄ 5 ᠶᠡᠭᠡ ᠡᠭᠦᠷᠭᠡ᠂ ᠲᠤᠬᠠᠶᠢᠯᠠᠪᠠᠯ ︽ᠲᠡᠷᠢᠭᠦᠨ ᠤ ᠶᠤᠸᠠᠨ ᠢᠦᠢ ᠵᠸᠦ ᠶᠢᠨ ᠮᠡᠷᠭᠡᠵᠢᠯ ᠪᠣᠯᠣᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ︾᠂ ︽ᠭᠤᠷᠪᠠᠨ ᠬᠡᠮᠵᠢᠯᠲᠦ ᠰᠣᠯᠪᠢᠴᠠᠯᠳᠤ ᠠᠵᠤ ᠦᠢᠯᠡᠳᠪᠦᠷᠢ ᠶᠢᠨ ᠠᠩᠬᠠᠨ ᠤ ᠶᠤᠸᠠᠨ ᠢᠦᠢ ᠵᠸᠦ ᠶᠢ ᠪᠣᠶᠢᠵᠢᠭᠤᠯᠬᠤ︾᠂ ︽ᠵᠢᠪᠦᠭᠰᠡᠨ ᠰᠣᠯᠪᠢᠴᠠᠯᠳᠤ ᠲᠤᠭᠠᠵᠢᠭᠤᠯᠤᠭᠰᠠᠨ ᠠᠮᠢᠳᠤᠷᠠᠯ ᠤᠨ ᠬᠡᠷᠡᠭᠯᠡᠭᠡ ᠶᠢ ᠪᠠᠶᠢᠭᠤᠯᠬᠤ︾᠂ ︽ᠰᠢᠰᠲ᠋ᠧᠮ ᠤᠨ ᠪᠦᠷᠢᠨ ᠲᠥᠬᠦᠷ ᠠᠵᠤ ᠦᠢᠯᠡᠰ ᠤᠨ ᠲᠤᠯᠭᠠᠭᠤᠷᠢᠯᠠᠯ ᠢ ᠪᠠᠶᠢᠭᠤᠯᠬᠤ︾᠂ ︽ᠠᠮᠤᠷ ᠲᠦᠪᠰᠢᠨ ᠢᠲᠡᠭᠡᠮᠵᠢᠲᠦ ᠠᠵᠤ ᠦᠢᠯᠡᠰ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ︾ ᠪᠣᠯᠣᠨ᠎ᠠ᠃ 14 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠳᠤ᠂ ︽ᠵᠠᠩᠭᠢᠯᠠᠭ᠎ᠠ ᠶᠢᠨ ᠮᠡᠷᠭᠡᠵᠢᠯ ᠤᠨ ᠬᠤᠷᠠᠮᠠᠯ ᠰᠢᠨ᠎ᠡ ᠶᠢ ᠡᠭᠦᠳᠬᠦ ᠶᠢ ᠴᠢᠩᠭᠠᠳᠬᠠᠬᠤ︾᠂ ︽ᠶᠤᠸᠠᠨ ᠢᠦᠢ ᠵᠸᠦ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠬᠤ︾᠂ ︽ᠬᠠᠮᠵᠢᠯᠴᠠᠨ ᠬᠥᠭᠵᠢᠬᠦ ᠠᠵᠤ ᠦᠢᠯᠡᠰ ᠤᠨ ᠠᠮᠢ ᠠᠬᠤᠢ ᠶᠢ ᠪᠠᠶᠢᠭᠤᠯᠬᠤ︾᠂ ︽ᠠᠵᠤ ᠦᠢᠯᠡᠳᠪᠦᠷᠢ ᠶᠢᠨ ᠵᠠᠩᠭᠢᠯᠠᠭ᠎ᠠ ᠶᠢᠨ ᠶᠠᠪᠤᠴᠠ ᠶᠢᠨ ᠶᠤᠸᠠᠨ ᠢᠦᠢ ᠵᠸᠦ ᠶᠢᠨ ᠥᠭᠡᠷᠡᠴᠢᠯᠡᠯᠲᠡ ᠶᠢ ᠰᠦᠪᠡᠭᠴᠢᠯᠡᠨ ᠠᠬᠢᠭᠤᠯᠬᠤ︾ ᠵᠡᠷᠭᠡ ᠪᠠᠭᠲᠠᠨ᠎ᠠ᠂ ᠡᠳᠡᠭᠡᠷ ᠨᠢ 5 ᠶᠡᠭᠡ ᠡᠭᠦᠷᠭᠡ ᠶᠢᠨ ᠲᠣᠭᠤᠷᠢᠨ ᠳᠤ᠂ ᠲᠤᠰ ᠲᠤᠰ ᠤᠨ ᠬᠦᠴᠦᠯᠡᠬᠦ ᠴᠢᠭᠯᠡᠯ ᠪᠣᠯᠣᠨ ᠰᠢᠪᠲᠤᠯᠤᠯᠲᠠ ᠶᠢᠨ ᠴᠡᠭ ᠢᠶᠠᠨ ᠤᠯᠠᠮ ᠴᠢᠨᠠᠭᠰᠢᠳᠠ ᠲᠣᠳᠣᠷᠬᠠᠢ ᠨᠠᠷᠢᠯᠢᠭᠵᠢᠭᠤᠯᠵᠠᠢ᠃ 4 ᠵᠦᠢᠯ ᠤᠨ ᠢᠨᠵᠧᠨᠧᠷᠢᠩ᠂ ᠲᠤᠬᠠᠶᠢᠯᠠᠪᠠᠯ ︽ᠵᠠᠩᠭᠢᠯᠠᠭ᠎ᠠ ᠶᠢᠨ ᠮᠡᠷᠭᠡᠵᠢᠯ ᠢ ᠳᠡᠭᠡᠭᠰᠢᠯᠡᠭᠦᠯᠬᠦ︾᠂ ︽ᠠᠵᠤ ᠦᠢᠯᠡᠰ ᠤᠨ ᠠᠮᠢ ᠠᠬᠤᠢ ᠶᠢ ᠪᠣᠶᠢᠵᠢᠭᠤᠯᠬᠤ︾᠂ ︽ᠠᠵᠤ ᠦᠢᠯᠡᠳᠪᠦᠷᠢ ᠶᠢᠨ ᠶᠤᠸᠠᠨ ᠢᠦᠢ ᠵᠸᠦ ᠠᠴᠠ ᠡᠨᠧᠷᠭᠢ ᠣᠯᠭᠤᠬᠤ︾᠂ ︽ᠠᠵᠤ ᠦᠢᠯᠡᠰ ᠤᠨ ᠰᠠᠭᠤᠷᠢ ᠶᠢ ᠴᠢᠩᠭᠠᠳᠬᠠᠬᠤ︾ ᠪᠣᠯᠣᠨ᠎ᠠ᠂ ᠲᠡᠳᠡᠭᠡᠷ ᠨᠢ ᠮᠡᠷᠭᠡᠵᠢᠯ᠂ ᠠᠮᠢ ᠠᠬᠤᠢ᠂ ᠡᠨᠧᠷᠭᠢ ᠣᠯᠭᠤᠬᠤ᠂ ᠠᠵᠤ ᠦᠢᠯᠡᠰ ᠤᠨ ᠰᠠᠭᠤᠷᠢ ᠵᠡᠷᠭᠡ ᠠᠳᠠᠯᠢ ᠪᠤᠰᠤ ᠲᠠᠯ᠎ᠠ ᠠᠴᠠ ᠠᠵᠤ ᠦᠢᠯᠡᠰ ᠤᠨ ᠰᠢᠪᠲᠤᠯᠤᠯᠲᠠ ᠶᠢᠨ ᠴᠡᠭ ᠢ ᠤᠯᠠᠮ ᠴᠢᠨᠠᠭᠰᠢᠳᠠ ᠲᠥᠯᠥᠪᠵᠢᠭᠦᠯᠦᠨ ᠪᠠᠶᠢᠷᠢᠰᠢᠭᠤᠯᠵᠤ᠂ ᠵᠢᠱᠢᠶ᠎ᠡ ᠦᠵᠡᠭᠦᠯᠬᠦ ᠡᠭᠦᠷᠭᠡ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ ᠤᠨ ᠦᠢᠯᠡᠳᠦᠯᠭᠡ ᠶᠢ ᠨᠠᠶᠢᠳᠠᠪᠤᠷᠢᠵᠢᠭᠤᠯᠬᠤ ᠳᠤ ᠴᠢᠬᠤᠯᠠ ᠲᠤᠯᠭᠠᠭᠤᠷᠢᠯᠠᠯ ᠤᠨ ᠲᠠᠪᠴᠠᠩ ᠬᠠᠩᠭᠠᠨ᠎ᠠ᠃      ᠳᠥᠷᠪᠡ᠂ ᠶᠤᠸᠠᠨ ᠢᠦᠢ ᠵᠸᠦ ᠶᠢᠨ ᠮᠡᠷᠭᠡᠵᠢᠯ ᠪᠠ ᠠᠵᠤ ᠦᠢᠯᠡᠰ ᠤᠨ ᠰᠢᠰᠲ᠋ᠧᠮ ᠢ ᠬᠡᠷᠬᠢᠨ ᠪᠠᠶᠢᠭᠤᠯᠬᠤ ᠪᠤᠢ︖     ︽ᠠᠵᠢᠯᠯᠠᠭᠠᠨ ᠤ ᠲᠥᠯᠥᠪᠯᠡᠭᠡ︾ ᠨᠢ ᠮᠠᠨ ᠤ ᠤᠯᠤᠰ ᠤᠨ ᠭᠤᠣᠯᠯᠠᠬᠤ ᠮᠡᠷᠭᠡᠵᠢᠯ ᠴᠢᠩᠭ᠎ᠠ ᠪᠤᠰᠤ᠂ ᠦᠢᠯᠡᠳᠬᠦᠨ ᠡᠯᠪᠡᠭ ᠪᠤᠰᠤ᠂ ᠠᠵᠤ ᠦᠢᠯᠡᠰ ᠤᠨ ᠬᠡᠪᠴᠢᠶ᠎ᠡ ᠪᠠᠭᠤᠷᠠᠢ ᠪᠠᠶᠢᠬᠤ ᠵᠡᠷᠭᠡ ᠬᠥᠭᠵᠢᠯᠲᠡ ᠶᠢᠨ ᠪᠣᠭᠤᠮᠢ ᠶᠢᠨ ᠠᠰᠠᠭᠤᠳᠠᠯ ᠳᠤ ᠴᠢᠭᠯᠡᠭᠦᠯᠦᠨ᠂ ᠬᠢᠮᠡᠯ ᠤᠶᠤᠨ᠂ ᠣᠷᠣᠨ ᠬᠡᠰᠡᠭ ᠤᠨ ᠬᠡᠯᠬᠢᠶ᠎ᠡ᠂ ᠡᠭᠦᠯᠡᠨ ᠪᠣᠳᠣᠯᠲᠠ᠂ ᠬᠡᠶᠢᠰᠪᠦᠷᠢ ᠠᠬᠤᠢ ᠵᠡᠷᠭᠡ ᠮᠡᠷᠭᠡᠵᠢᠯ ᠶᠤᠸᠠᠨ ᠢᠦᠢ ᠵᠸᠦ ᠳᠠᠬᠢ ᠠᠭᠤᠰᠤᠯᠴᠠᠨ ᠰᠢᠨ᠎ᠡ ᠶᠢ ᠡᠭᠦᠳᠬᠦ ᠶᠢ ᠴᠢᠨᠠᠭᠰᠢᠳᠠ ᠴᠢᠩᠭᠠᠳᠬᠠᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠠᠶᠢᠷᠢᠰᠢᠭᠤᠯᠤᠯᠲᠠ ᠶᠢ ᠲᠦᠷᠭᠡᠳᠬᠡᠵᠦ᠂ ᠰᠠᠭᠤᠷᠢ ᠵᠥᠭᠡᠯᠡᠨ ᠬᠠᠲᠠᠭᠤ ᠲᠤᠨᠤᠭ ᠢ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠳᠡᠭᠡᠳᠦ ᠲᠡᠰ ᠤᠨ ᠡᠯᠧᠺᠲᠷᠣᠨ ᠲᠤᠨᠤᠭ ᠰᠡᠯᠪᠢᠭᠡᠰᠦ᠂ ᠵᠠᠭᠪᠤᠷ ᠪᠠᠶᠢᠭᠤᠯᠬᠤ ᠵᠥᠭᠡᠯᠡᠨ ᠲᠤᠨᠤᠭ ᠵᠡᠷᠭᠡ ᠭᠤᠣᠯᠳᠠᠯᠭ᠎ᠠ ᠲᠠᠢ ᠴᠢᠭᠯᠡᠯ ᠳᠤ ᠲᠦᠷᠭᠡᠬᠡᠨ ᠰᠢᠪᠲᠤᠯᠤᠯᠲᠠ ᠭᠠᠷᠭᠠᠨ᠎ᠠ᠃ ᠶᠤᠸᠠᠨ ᠢᠦᠢ ᠵᠸᠦ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠲᠠᠯ᠎ᠠ ᠪᠠᠷ᠂ ᠨᠡᠶᠢᠭᠡᠮ ᠤᠨ ᠬᠠᠷᠢᠯᠴᠠᠭ᠎ᠠ᠂ ᠰᠣᠶᠣᠯ ᠴᠡᠩᠭᠡᠯ᠂ ᠠᠯᠪᠠᠨ ᠠᠵᠢᠯ ᠵᠡᠷᠭᠡ ᠪᠣᠳᠠᠲᠤ ᠬᠡᠷᠡᠭᠴᠡᠭᠡ ᠶᠢᠨ ᠲᠣᠭᠤᠷᠢᠨ ᠳᠤ᠂ ᠶᠤᠸᠠᠨ ᠢᠦᠢ ᠵᠸᠦ ᠶᠢᠨ ᠣᠷᠣᠬᠤ ᠡᠭᠦᠳᠡ᠂ ᠵᠢᠱᠢᠮᠡᠭ ᠤᠷᠤᠨ ᠵᠠᠢ ᠶᠢᠨ ᠬᠡᠷᠡᠭᠯᠡᠭᠡᠨ ᠤ ᠪᠠᠭᠠᠵᠢ ᠪᠠ ᠲᠠᠪᠴᠠᠩ ᠳᠡᠭᠡᠷ᠎ᠡ ᠭᠤᠣᠯᠳᠠᠯᠭ᠎ᠠ ᠲᠠᠢ ᠬᠦᠴᠦᠯᠡᠨ᠎ᠡ᠃ ᠡᠭᠦᠨ ᠤ ᠬᠠᠮᠲᠤ᠂ ︽ᠠᠵᠢᠯᠯᠠᠭᠠᠨ ᠤ ᠲᠥᠯᠥᠪᠯᠡᠭᠡ︾ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠦᠴᠦᠷᠬᠡᠭᠵᠢᠭᠦᠯᠵᠦ᠂ ᠶᠤᠸᠠᠨ ᠢᠦᠢ ᠵᠸᠦ ᠶᠢᠨ ᠲᠣᠯᠣᠭᠠᠶᠢᠯᠠᠭᠴᠢ ᠠᠵᠤ ᠠᠬᠤᠶᠢᠯᠠᠯ ᠪᠠ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠢ ᠪᠣᠶᠢᠵᠢᠭᠤᠯᠤᠨ᠂ ᠨᠢᠭᠡ ᠪᠦᠯᠦᠭ ᠶᠤᠸᠠᠨ ᠢᠦᠢ ᠵᠸᠦ ᠶᠢᠨ ᠰᠢᠨ᠎ᠡ ᠶᠢ ᠡᠭᠦᠳᠬᠦ ᠬᠡᠷᠡᠭᠯᠡᠭᠡᠨ ᠤ ᠬᠤᠰᠢᠭᠤᠴᠢ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠪᠠ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠣᠨᠴᠠᠯᠢᠬᠵᠢᠭᠰᠠᠨ ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠬᠤ ᠶᠢᠨ ᠬᠠᠮᠲᠤ ᠬᠡᠷᠡᠭᠯᠡᠭᠴᠢᠳ ᠤᠨ ᠣᠷᠣᠯᠴᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠭᠤᠯᠭ᠎ᠠ ᠶᠢᠨ ᠦᠢᠯᠡᠳᠪᠦᠷᠢᠯᠡᠯ ᠤᠨ ᠰᠢᠨ᠎ᠡ ᠬᠡᠪ ᠵᠠᠭᠪᠤᠷ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠠᠶᠢᠨ ᠰᠦᠪᠡᠭᠴᠢᠯᠡᠬᠦ ᠶᠢ ᠰᠠᠨᠠᠭᠠᠴᠢᠯᠠᠨ᠎ᠠ᠃      ᠲᠠᠪᠤ᠂ ᠬᠡᠷᠬᠢᠨ ᠶᠤᠸᠠᠨ ᠢᠦᠢ ᠵᠸᠦ ᠶᠢᠨ ᠡᠨᠧᠷᠭᠢ ᠤᠯᠭᠤᠬᠤ ᠪᠠᠷ ᠳᠠᠮᠵᠢᠭᠤᠯᠤᠨ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠬᠦᠭᠵᠢᠭᠦᠯᠬᠦ ᠪᠤᠢ︖     ︽ᠠᠵᠢᠯᠯᠠᠭᠠᠨ ᠤ ᠲᠥᠯᠥᠪᠯᠡᠭᠡ︾ ᠳᠤ ᠠᠵᠤ ᠦᠢᠯᠡᠳᠪᠦᠷᠢ ᠶᠢᠨ ᠶᠤᠸᠠᠨ ᠢᠦᠢ ᠵᠸᠦ᠂ ᠡᠨᠧᠷᠭᠢ ᠣᠯᠭᠤᠬᠤ ᠦᠢᠯᠡᠳᠬᠦ ᠦᠢᠯᠡᠰ ᠢ ᠪᠠᠶᠢᠭᠤᠯᠬᠤ ᠪᠠᠷ ᠭᠤᠣᠯ ᠬᠠᠷᠠᠯᠲᠠ ᠪᠣᠯᠭᠠᠵᠤ᠂ ᠬᠡᠶᠢᠰᠪᠦᠷᠢ ᠠᠬᠤᠢ ᠬᠠᠷᠢᠯᠴᠠᠨ ᠠᠬᠢᠭᠤᠯᠬᠤ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠬᠤᠪᠢᠰᠤᠯᠲᠠ ᠶᠢ ᠶᠡᠭᠡ ᠪᠠᠷ ᠬᠠᠶᠢᠨ ᠰᠦᠪᠡᠭᠴᠢᠯᠡᠵᠦ᠂ ᠠᠵᠤ ᠦᠢᠯᠡᠳᠪᠦᠷᠢ ᠶᠢᠨ ᠵᠠᠩᠭᠢᠯᠠᠭ᠎ᠠ ᠶᠢᠨ ᠶᠠᠪᠤᠴᠠ ᠶᠢᠨ ᠶᠤᠸᠠᠨ ᠢᠦᠢ ᠵᠸᠦ ᠶᠢᠨ ᠥᠭᠡᠷᠡᠴᠢᠯᠡᠯᠲᠡ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠦᠢᠯᠡᠳᠪᠦᠷᠢ ᠶᠢᠨ ᠶᠤᠸᠠᠨ ᠢᠦᠢ ᠵᠸᠦ ᠶᠢᠨ ᠪᠠᠶᠢᠷᠢᠰᠢᠭᠤᠯᠤᠯᠲᠠ᠂ ᠠᠵᠤ ᠦᠢᠯᠡᠳᠪᠦᠷᠢ ᠶᠢᠨ ᠶᠤᠸᠠᠨ ᠢᠦᠢ ᠵᠸᠦ ᠶᠢᠨ ᠰᠢᠨ᠎ᠡ ᠶᠢ ᠡᠭᠦᠳᠬᠦ ᠬᠡᠷᠡᠭᠯᠡᠭᠡᠨ ᠤ ᠵᠠᠭᠪᠤᠷ ᠢ ᠬᠠᠶᠢᠨ ᠰᠦᠪᠡᠭᠴᠢᠯᠡᠬᠦ ᠭᠤᠷᠪᠠᠨ ᠴᠢᠭᠯᠡᠯ ᠢᠶᠠᠷ ᠬᠦᠴᠦᠯᠡᠨ᠎ᠡ ᠭᠡᠵᠦ ᠳᠤᠷᠠᠳᠤᠨ ᠭᠠᠷᠭᠠᠪᠠ᠃ ᠡᠭᠦᠨ ᠳᠤ ᠶᠤᠸᠠᠨ ᠢᠦᠢ ᠵᠸᠦ ᠶᠢᠨ ᠰᠠᠭᠤᠷᠢ ᠨᠡᠶᠢᠳᠡᠮ ᠬᠡᠷᠡᠭᠯᠡᠭᠡᠨ ᠤ ᠵᠠᠭᠪᠤᠷ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠥᠨᠳᠥᠷ ᠨᠠᠷᠢᠯᠢᠭ᠂ ᠰᠣᠯᠪᠢᠴᠠᠵᠤ ᠪᠣᠯᠬᠤ᠂ ᠵᠢᠪᠦᠮᠡᠯ ᠮᠠᠶ᠋ᠢᠭ ᠤᠨ ᠠᠵᠤ ᠦᠢᠯᠡᠳᠪᠦᠷᠢ ᠶᠢᠨ ᠬᠡᠶᠢᠰᠪᠦᠷᠢ ᠲᠤᠰᠬᠠᠯ ᠤᠨ ᠣᠷᠣᠨ ᠵᠠᠢ ᠶᠢ ᠴᠣᠭᠴᠠᠯᠠᠨ᠎ᠠ︔  ᠶᠤᠸᠠᠨ ᠢᠦᠢ ᠵᠸᠦ ᠳᠤ ᠰᠠᠭᠤᠷᠢᠯᠠᠭᠰᠠᠨ ᠦᠢᠯᠡᠳᠪᠦᠷᠢᠯᠡᠯ ᠤᠨ ᠱᠤᠭᠤᠮ ᠤᠨ ᠲᠡᠭᠡᠭᠡᠪᠦᠷᠢᠯᠡᠨ ᠬᠠᠮᠠᠭᠠᠯᠠᠬᠤ᠂ ᠦᠢᠯᠡᠳᠬᠦᠨ ᠢ ᠬᠢᠨᠠᠨ ᠬᠡᠮᠵᠢᠬᠦ ᠰᠢᠨ᠎ᠡ ᠵᠠᠭᠪᠤᠷ ᠢ ᠰᠦᠪᠡᠭᠴᠢᠯᠡᠵᠦ᠂ ᠠᠵᠤ ᠦᠢᠯᠡᠳᠪᠦᠷᠢ ᠶᠢᠨ ᠶᠤᠸᠠᠨ ᠢᠦᠢ ᠵᠸᠦ  ᠶᠢᠨ ᠡᠵᠡᠩᠨᠡᠨ ᠪᠣᠷᠣᠯᠠᠭᠤᠯᠬᠤ ᠲᠠᠪᠴᠠᠩ ᠪᠣᠯᠣᠨ ᠬᠡᠶᠢᠰᠪᠦᠷᠢ ᠪᠣᠯᠪᠠᠰᠤᠷᠠᠯ ᠤᠨ ᠰᠢᠰᠲ᠋ᠧᠮ ᠢ ᠪᠠᠶᠢᠭᠤᠯᠤᠨ᠎ᠠ︔ ᠠᠳᠠᠯᠢ ᠪᠤᠰᠤ ᠦᠢᠯᠡᠳᠬᠦᠨ ᠳᠤ ᠬᠠᠨᠳᠤᠭᠤᠯᠤᠭᠰᠠᠨ ᠥᠪᠡᠷᠮᠢᠴᠡᠴᠢᠯᠡᠭᠰᠡᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠰᠢᠰᠲ᠋ᠧᠮ ᠢ ᠨᠡᠭᠡᠭᠡᠨ ᠬᠥᠭᠵᠢᠭᠦᠯᠵᠦ᠂ ᠡᠳ᠋ ᠬᠥᠷᠥᠩᠭᠡ ᠶᠢᠨ ᠲᠥᠬᠦᠭᠡᠷᠦᠮᠵᠢ᠂ ᠵᠠᠬᠢᠶᠠᠯᠠᠭ᠎ᠠ ᠶᠢᠨ ᠲᠤᠭ᠎ᠠ ᠪᠠᠷᠢᠮᠲᠠ ᠵᠡᠷᠭᠡ ᠶᠢᠨ ᠲᠣᠭᠤᠷᠢᠨ ᠳᠤ ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠶᠢ ᠥᠷᠨᠢᠭᠦᠯᠬᠦ ᠨᠢ ᠴᠥᠮ ᠠᠵᠤ ᠦᠢᠯᠡᠳᠪᠦᠷᠢ ᠶᠢᠨ ᠶᠤᠸᠠᠨ ᠢᠦᠢ ᠵᠸᠦ ᠶᠢᠨ ᠡᠨᠧᠷᠭᠢ ᠤᠯᠭᠤᠬᠤ ᠪᠠᠷ ᠳᠠᠮᠵᠢᠭᠤᠯᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠬᠥᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃       ᠵᠢᠷᠭᠤᠭ᠎ᠠ᠂ ︽ᠠᠵᠢᠯᠯᠠᠭᠠᠨ ᠤ ᠲᠥᠯᠥᠪᠯᠡᠭᠡ︾ ᠳᠤ ᠪᠦᠷᠢᠨ ᠲᠡᠭᠦᠯᠳᠡᠷ ᠰᠢᠰᠲ᠋ᠧᠮ ᠲᠠᠢ ᠠᠵᠤ ᠦᠢᠯᠡᠰ ᠤᠨ ᠲᠤᠯᠭᠠᠭᠤᠷᠢᠯᠠᠯ ᠢ ᠬᠡᠷᠬᠢᠨ ᠪᠣᠶ ᠪᠣᠯᠭᠠᠬᠤ ᠪᠣᠶ︖    ︽ᠠᠵᠢᠯᠯᠠᠭᠠᠨ ᠤ ᠲᠥᠯᠥᠪᠯᠡᠭᠡ︾ ᠨᠢ ᠠᠵᠤ ᠦᠢᠯᠡᠰ ᠤᠨ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠰᠢᠨ᠎ᠡ ᠶᠢ ᠡᠭᠦᠳᠬᠦ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠲᠡᠷᠢᠭᠦᠨ ᠤ ᠰᠠᠭᠤᠷᠢ ᠲᠥᠬᠦᠭᠡᠷᠦᠮᠵᠢ ᠶᠢ ᠴᠣᠭᠴᠠᠯᠠᠬᠤ ᠵᠡᠷᠭᠡ ᠭᠤᠷᠪᠠᠨ ᠲᠠᠯ᠎ᠠ ᠪᠠᠷ ᠰᠠᠨᠠᠯ ᠪᠠ ᠠᠷᠭ᠎ᠠ ᠬᠡᠮᠵᠢᠶ᠎ᠡ ᠳᠤᠷᠠᠳᠪᠠ᠃ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠨᠢ᠄ ᠨᠢᠭᠡ ᠳᠤ᠂ ᠶᠤᠸᠠᠨ ᠢᠦᠢ ᠵᠸᠦ ᠠᠵᠤ ᠦᠢᠯᠡᠰ ᠤᠨ ᠪᠠᠷᠢᠮᠵᠢᠶ᠎ᠠ ᠶᠢᠨ ᠵᠢᠷᠤᠮᠵᠢᠯ ᠤᠨ ᠰᠢᠰᠲ᠋ᠧᠮ ᠢ ᠪᠠᠶᠢᠭᠤᠯᠤᠨ᠎ᠠ᠂ ᠡᠭᠦᠨ ᠳᠤ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶ᠎ᠠ ᠵᠢᠴᠢ ᠰᠠᠭᠤᠷᠢ ᠨᠡᠶᠢᠲᠡᠴᠢ ᠴᠢᠨᠠᠷ᠂ ᠬᠤᠯᠪᠣᠯᠳᠤᠨ ᠨᠡᠪᠲᠡᠷᠡᠯᠴᠡᠬᠦ᠂ ᠠᠮᠤᠷ ᠲᠦᠪᠰᠢᠨ ᠤ ᠢᠲᠡᠭᠡᠮᠵᠢᠲᠡᠢ᠂ ᠬᠤᠪᠢ ᠶᠢᠨ ᠨᠢᠭᠤᠴᠠ ᠶᠢ ᠬᠠᠮᠠᠭᠠᠯᠠᠬᠤ᠂ ᠠᠵᠢᠯ ᠲᠦᠷᠦᠯ ᠤᠨ ᠬᠡᠷᠡᠭᠯᠡᠯᠲᠡ ᠵᠡᠷᠭᠡ ᠲᠠᠯ᠎ᠠ ᠶᠢᠨ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠪᠠ ᠪᠦᠯᠬᠦᠮ ᠤᠨ ᠪᠠᠷᠢᠮᠵᠢᠶ᠎ᠠ ᠶᠢ ᠪᠠᠭᠲᠠᠭᠠᠨ᠎ᠠ᠃ ᠬᠤᠶᠠᠷ ᠲᠤ᠂ ᠢᠲᠡᠭᠡᠮᠵᠢᠲᠦ ᠶᠤᠸᠠᠨ ᠢᠦᠢ ᠵᠸᠦ ᠶᠢᠨ ᠪᠦᠲᠦᠭᠡᠭᠳᠡᠬᠦᠨ ᠢ ᠦᠨᠡᠯᠡᠨ ᠵᠢᠱᠢᠬᠦ ᠰᠢᠰᠲ᠋ᠧᠮ ᠢ ᠪᠠᠶᠢᠭᠤᠯᠬᠤ ᠪᠠ ᠶᠤᠸᠠᠨ ᠢᠦᠢ ᠵᠸᠦ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠢᠰᠲ᠋ᠧᠮ ᠢ ᠪᠦᠷᠢᠨᠰᠢᠭᠦᠯᠦᠨ᠎ᠡ᠃ ᠭᠤᠷᠪᠠ ᠳᠤ᠂ ᠡᠭᠦᠯᠡᠨ ᠬᠥᠪᠡᠭᠡ ᠶᠢ ᠨᠢᠭᠡ ᠴᠣᠭᠴᠠᠵᠢᠭᠤᠯᠤᠭᠰᠠᠨ᠂ ᠪᠣᠳᠣᠯᠭ᠎ᠠ ᠶᠢᠨ ᠲᠣᠣᠷ ᠢ ᠨᠢᠭᠡ ᠴᠣᠭᠴᠠᠵᠢᠭᠤᠯᠤᠭᠰᠠᠨ᠂ ᠣᠶᠤᠨᠴᠢ ᠲᠣᠬᠢᠷᠠᠭᠤᠯᠭ᠎ᠠ ᠲᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠬᠡᠯᠪᠡᠷᠢ ᠶᠢᠨ ᠪᠣᠳᠣᠯᠭ᠎ᠠ ᠶᠢᠨ ᠬᠦᠴᠦᠨ ᠢ ᠪᠠᠶᠢᠭᠤᠯᠵᠤ᠂ ᠶᠤᠸᠠᠨ ᠢᠦᠢ ᠵᠸᠦ ᠶᠢᠨ ᠰᠠᠭᠤᠷᠢ ᠲᠥᠬᠦᠭᠡᠷᠦᠮᠵᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠵᠡᠷᠭᠡ ᠪᠣᠯᠣᠨ᠎ᠠ᠃      ᠳᠣᠯᠤᠭ᠎ᠠ᠂ ︽ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠤᠷᠤᠭᠰᠢᠲᠠᠢ ᠠᠬᠢᠭᠤᠯᠬᠤ ᠶᠢᠨ ᠲᠥᠯᠥᠭᠡ᠂ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠣᠶ︖    ᠨᠢᠭᠡ ᠳᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠠᠵᠤ ᠦᠢᠯᠡᠰ᠂ ᠰᠢᠨ᠎ᠡ ᠶᠢ ᠡᠭᠦᠳᠬᠦ᠂ ᠡᠳ᠋ ᠤᠨ ᠵᠠᠰᠠᠭ᠂ ᠮᠥᠩᠭᠦᠨ ᠭᠦᠢᠯᠭᠡᠭᠡᠨ᠂ ᠣᠷᠣᠨ ᠪᠦᠰᠡ ᠵᠡᠷᠭᠡ ᠶᠢᠨ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃ ᠲᠥᠪ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠬᠢᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠨᠳᠤᠯᠭᠠᠲᠤ ᠴᠢᠨᠠᠷ ᠢᠶᠠᠷ ᠴᠢᠩᠭ᠎ᠠ᠂ ᠬᠡᠷᠡᠭᠵᠢᠭᠦᠯᠵᠦ ᠪᠣᠯᠬᠤᠶᠢᠴᠠ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠬᠤ ᠶᠢ ᠵᠣᠷᠢᠭᠵᠢᠭᠤᠯᠵᠤ᠂ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠬᠤᠶᠠᠷ ᠲᠤ᠂ ᠴᠢᠳᠠᠪᠤᠷᠢᠲᠠᠨ ᠢ ᠬᠥᠮᠥᠵᠢᠭᠦᠯᠬᠦ ᠶᠢ ᠰᠢᠯᠢᠳᠡᠭᠵᠢᠭᠦᠯᠦᠨ᠎ᠡ᠃ ᠡᠭᠦᠨ ᠳᠤ ᠶᠡᠭᠡ ᠳᠡᠭᠡᠳᠦ ᠰᠤᠷᠭᠠᠭᠤᠯᠢ ᠶᠢᠨ ᠶᠤᠸᠠᠨ ᠢᠦᠢ ᠵᠸᠦ ᠶᠢᠨ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠬᠤ ᠶᠢ ᠳᠡᠮᠵᠢᠬᠦ᠂ ᠠᠵᠤ ᠠᠬᠤᠶᠢᠯᠠᠯ ᠪᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠨ ᠴᠢᠳᠠᠪᠤᠷᠢᠲᠠᠨ ᠬᠥᠮᠥᠵᠢᠭᠦᠯᠬᠦ ᠶᠢ ᠵᠣᠷᠢᠭᠵᠢᠭᠤᠯᠬᠤ᠂ ᠶᠤᠸᠠᠨ ᠢᠦᠢ ᠵᠸᠦ ᠶᠢᠨ ᠤᠷ᠎ᠠ ᠮᠡᠷᠭᠡᠵᠢᠯ ᠤᠨ ᠴᠢᠳᠠᠪᠤᠷᠢᠲᠠᠨ ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠪᠠᠶᠢᠭᠤᠯᠬᠤ ᠶᠢ ᠳᠡᠮᠵᠢᠬᠦ᠂ ᠭᠠᠳᠠᠭᠠᠳᠤ ᠶᠢᠨ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠤᠷᠤᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠭᠤᠷᠪᠠ ᠳᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠶᠤᠸᠠᠨ ᠢᠦᠢ ᠵᠸᠦ ᠶᠢᠨ ᠤᠯᠠᠨ ᠤᠯᠤᠰ ᠤᠨ ᠵᠠᠰᠠᠯᠲᠠ ᠶᠢᠨ ᠳᠦᠷᠢᠮ ᠪᠣᠯᠣᠨ ᠪᠠᠷᠢᠮᠵᠢᠶ᠎ᠠ ᠶᠢ ᠲᠣᠭᠲᠠᠭᠠᠬᠤ ᠳᠤ ᠭᠦᠨᠵᠡᠭᠡᠢ ᠣᠷᠣᠯᠴᠠᠵᠤ᠂ ᠤᠯᠠᠨ ᠤᠯᠤᠰ ᠤᠨ ᠶᠤᠸᠠᠨ ᠢᠦᠢ ᠵᠸᠦ ᠶᠢᠨ ᠵᠠᠰᠠᠯᠲᠠ ᠶᠢᠨ ᠳᠦᠷᠢᠮ ᠪᠣᠯᠣᠨ ᠤᠯᠤᠰ ᠤᠨ ᠳᠣᠲᠣᠭᠠᠳᠤ ᠶᠢᠨ ᠵᠣᠯᠭᠠᠯᠴᠠᠭ᠎ᠠ ᠶᠢ ᠰᠠᠶᠢᠲᠤᠷ ᠬᠢᠵᠦ᠂ ᠤᠯᠠᠨ ᠲᠠᠯ᠎ᠠ ᠶᠢᠨ᠂ ᠠᠷᠠᠳᠴᠢᠯᠠᠭᠰᠠᠨ᠂ ᠢᠯᠡ ᠲᠣᠳᠣ ᠤᠯᠠᠨ ᠤᠯᠤᠰ ᠤᠨ ᠶᠤᠸᠠᠨ ᠢᠦᠢ ᠵᠸᠦ  ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠶᠤᠸᠠᠨ ᠢᠦᠢ ᠵᠸᠦ ᠶᠢᠨ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠣᠰ ᠣᠷᠴᠢᠯ ᠤᠨ ᠬᠠᠷᠢᠯᠴᠠᠨ ᠤᠷᠤᠭᠰᠢᠯᠠᠬᠤ ᠶᠢ ᠶᠢ ᠠᠬᠢᠭᠤᠯᠤᠨ᠎ᠠ᠃
 
ᠢᠷᠡᠯᠲᠡ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号