ᠽᠤᠤ ᠬᠦᠸᠧ ᠬᠤᠤ ᠲᠣᠰᠬᠤᠨ ᠳ᠋ᠦᠩᠱᠧᠩ ᠲᠣᠭᠤᠷᠢᠭ ᠤᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ  ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠣᠯᠪᠠ
ᠨᠡᠶᠢᠲᠡᠯᠡᠭᠰᠡᠨ ᠴᠠᠭ᠄
2023/12/8
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2023 ᠣᠨ ᠤ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠤ ᠨᠡᠷᠡᠰ ᠢ ᠨᠡᠶᠢᠲᠡᠯᠡᠪᠡ᠃ ᠳ᠋ᠦᠩᠱᠧᠩ ᠲᠣᠭᠤᠷᠢᠭ ‍ᠤᠨ‌‍ᠽᠤᠤ ᠬᠦᠸᠧ ᠬᠤᠤ ᠲᠣᠰᠬᠤᠨ  ᠲᠠᠪᠠᠭᠤᠯᠢᠭ ᠬᠥᠳᠡᠭᠡ ᠲᠣᠰᠬᠤᠨ ᠤ ᠰᠣᠶᠣᠯ  ᠵᠢᠭᠤᠯᠴᠢᠯᠠᠯ ᠤᠨ ᠡᠬᠢ ᠪᠠᠶᠠᠯᠢᠭ᠂ ᠥᠷᠨᠢᠭᠦᠨ ᠬᠥᠭᠵᠢᠭᠰᠡᠨ ᠰᠣᠳᠣᠨ ᠠᠷᠠᠳ ᠤᠨ ᠣᠷᠣᠨ ᠰᠠᠭᠤᠴᠠ᠂ ᠤᠯᠠᠨ ᠶᠠᠩᠵᠤ ᠶᠢᠨ ᠪᠠᠶᠢᠭᠠᠯᠢ ᠶᠢᠨ ᠡᠬᠢ ᠪᠠᠶᠠᠯᠢᠭ᠂ ᠴᠡᠪᠡᠷ ᠲᠡᠭᠰᠢ ᠲᠣᠰᠬᠤᠨ ᠤ ᠳᠦᠷᠰᠦ ᠪᠠᠶᠢᠳᠠᠯ ᠵᠢᠴᠢ ᠪᠣᠯᠪᠠᠰᠤᠷᠠᠩᠭᠤᠢ ᠪᠣᠯᠤᠭᠰᠠᠨ ᠣᠨᠴᠠᠯᠢᠭᠲᠤ ᠲᠠᠷᠢᠮᠠᠯ ᠲᠡᠵᠢᠭᠡᠪᠦᠷᠢ ᠶᠢᠨ ᠠᠵᠤ ᠦᠢᠯᠡᠰ ᠢᠶᠠᠷ ᠢᠶᠠᠨ ᠰᠣᠩᠭᠤᠭᠳᠠᠵᠤ᠂ ᠳ᠋ᠦᠩᠱᠧᠩ ᠲᠣᠭᠤᠷᠢᠭ ᠤᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠪᠣᠯᠵᠠᠢ᠃     ᠽᠤᠤ ᠬᠦᠸᠧ ᠬᠤᠤ ᠲᠣᠰᠬᠤᠨ ᠪᠣᠯ ᠳ᠋ᠦᠩᠱᠧᠩ ᠲᠣᠭᠤᠷᠢᠭ ᠤᠨ ᠬᠠᠨᠳᠠᠢ ᠪᠠᠯᠭᠠᠰᠤ ᠶᠢᠨ ᠵᠡᠭᠦᠨ ᠡᠮᠦᠨ᠎ᠡ ᠪᠡᠶ᠎ᠡ ᠳᠤ ᠪᠠᠶᠢᠷᠢᠯᠠᠵᠤ᠂ ᠳ᠋ᠦᠩᠱᠧᠩ ᠬᠤᠳᠠ ᠶᠢᠨ ᠲᠣᠭᠤᠷᠢᠭ ᠠᠴᠠ ᠶᠢᠰᠦᠨ ᠺᠢᠯᠣᠮᠧᠲᠷ ᠵᠠᠶᠢᠲᠠᠢ᠂ ᠬᠢᠶ᠎ᠠ ᠪᠠᠭᠰᠢ ᠬᠤᠳᠠ ᠶᠢᠨ ᠲᠣᠭᠤᠷᠢᠭ ᠠᠴᠠ ᠠᠷᠪᠠᠨ ᠨᠢᠭᠡᠨ ᠺᠢᠯᠣᠮᠧᠲᠷ ᠵᠠᠶᠢᠲᠠᠢ᠂ ᠣᠷᠳᠣᠰ ᠬᠤᠳᠠ ᠶᠢᠨ ᠭᠤᠣᠯ ᠲᠣᠭᠤᠷᠢᠭ ᠲᠠᠢ ᠬᠥᠷᠰᠢᠯᠡᠵᠦ᠂ ᠵᠠᠮ ᠬᠠᠷᠢᠯᠴᠠᠭ᠎ᠠ ᠲᠦᠭᠦᠮ᠂ ᠣᠷᠴᠢᠨ ᠲᠣᠭᠤᠷᠢᠨ ᠭᠤᠶᠢᠳᠠ ᠰᠠᠶᠢᠬᠠᠨ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠪᠣᠯᠪᠠᠰᠤᠷᠠᠩᠭᠤᠢ ᠪᠠᠶᠢᠳᠠᠭ᠃ ᠲᠣᠰᠬᠤᠨ ᠤ ᠭᠠᠵᠠᠷ ᠤᠨ ᠪᠠᠶᠢᠴᠠ ᠨᠢ ᠳᠣᠯᠭᠢᠶᠠᠯᠠᠨ ᠳᠠᠪᠠᠯᠭᠠᠯᠠᠵᠤ᠂ ᠬᠠᠷᠠᠭᠠᠨ ᠤ ᠬᠡᠪᠴᠢᠶ᠎ᠡ ᠨᠢ ᠥᠷᠭᠡᠨ ᠠᠭᠤᠳᠠᠮ᠂ ᠤᠷᠭᠤᠮᠠᠯ ᠤᠨ ᠬᠤᠴᠢᠯᠭ᠎ᠠ ᠨᠢ ᠰᠠᠶᠢᠨ᠂ ᠣᠶ ᠰᠢᠭᠤᠢ᠂ ᠨᠠᠭᠤᠷ ᠴᠥᠭᠦᠷᠥᠮ᠂ ᠲᠠᠯ᠎ᠠ ᠭᠠᠵᠠᠷ ᠵᠡᠷᠭᠡ ᠪᠠᠶᠢᠭᠠᠯᠢ ᠶᠢᠨ ᠥᠩᠭᠡ ᠦᠵᠡᠮᠵᠢ ᠲᠠᠭᠠᠯᠠᠮᠵᠢᠲᠠᠢ ᠪᠠᠶᠢᠳᠠᠭ᠃ ᠽᠤᠤ ᠬᠦᠸᠧ ᠬᠤᠤ ᠲᠣᠰᠬᠤᠨ ᠨᠢ ᠣᠷᠳᠣᠰ ᠬᠤᠳᠠ ᠶᠢᠨ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ᠂ ᠳ᠋ᠦᠩᠱᠧᠩ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠪᠣᠯᠤᠭᠰᠠᠨ ᠤ ᠬᠤᠪᠢ ᠳᠤ ᠣᠷᠳᠣᠰ ᠬᠤᠳᠠ ᠳᠤ ᠨᠡᠷ᠎ᠡ ᠠᠯᠳᠠᠷᠰᠢᠯ ᠢᠶᠠᠷ ᠲᠤᠶᠢᠯ ᠤᠨ ᠥᠨᠳᠥᠷ᠂ ᠵᠢᠭᠤᠯᠴᠢᠯᠠᠭᠴᠢᠳ ᠢ ᠲᠠᠲᠠᠬᠤ ᠴᠢᠳᠠᠪᠤᠷᠢ ᠪᠠᠷ ᠨᠡᠯᠢᠶᠡᠳ ᠰᠠᠶᠢᠨ ᠪᠠᠶᠢᠳᠠᠭ᠃
 
ᠢᠷᠡᠯᠲᠡ᠄ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号