ᠤᠯᠠᠭᠠᠨᠮᠥ᠋ᠴᠢᠷ ᠤᠨ ︽ᠰᠤᠷᠤᠯᠴᠠᠬᠤ · ᠡᠭᠦᠳᠬᠦ · ᠲᠣᠭᠯᠠᠬᠤ︾ ᠠᠵᠢᠯ ᠢ ᠥᠷᠨᠢᠭᠦᠯᠦᠭᠰᠡᠨ ᠠᠴᠠ ᠨᠠᠭᠠᠰᠢᠬᠢ | ᠰᠢᠨ᠎ᠡ ᠪᠠᠷ ᠡᠭᠦᠳᠦᠭᠰᠡᠨ ᠪᠦᠲᠦᠭᠡᠯ ᠪᠠ ᠤᠷᠠᠯᠢᠭ ᠤᠨ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ | ᠦᠵᠡᠭᠦᠯᠬᠦ ᠶᠢᠨ ᠲᠥᠯᠥᠭᠡ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭᠲᠦ ᠶᠢ ᠡᠭᠦᠳᠬᠦ ᠳᠤ ᠬᠦᠴᠦ | ᠨᠡᠮᠡᠷᠢᠯᠡᠵᠦ᠂ ᠪᠥᠬᠦ ᠬᠤᠲᠠ ᠶᠢᠨ ᠤᠯᠠᠭᠠᠨᠮᠥ᠋ᠴᠢᠷ ᠤᠨ ︽ᠪᠠᠶᠠᠷ ᠪᠠᠶᠠᠰᠤᠯ ᠬᠦᠷᠭᠡᠬᠦ᠂ ᠪᠣᠯᠪᠠᠰᠤᠨ ᠢ ᠬᠦᠷᠭᠡᠬᠦ︾ | ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 11 ᠳ᠋ᠦᠭᠡᠷ | ᠰᠠᠷ᠎ᠠ ᠶᠢᠨ 28 ᠤ ᠡᠳᠦᠷ ᠣᠷᠳᠣᠰ ᠬᠤᠲᠠ ᠶᠢᠨ ᠤᠯᠠᠭᠠᠨᠮᠥ᠋ᠴᠢᠷ ᠤᠨ ᠲᠣᠭᠯᠠᠯᠲᠠ ᠶᠢᠨ ᠪᠠᠭ᠎ᠠ ᠰᠠᠯᠪᠤᠷᠢ | ᠠᠩᠭᠢ ᠶᠢᠨ ᠬᠢᠨ ᠬᠢᠶ᠎ᠠ ᠪᠠᠭᠰᠢ ᠲᠣᠭᠤᠷᠢᠭ ᠤᠨ ᠱᠧᠨ ᠬᠤᠸᠠ ᠺᠠᠩ ᠴᠧᠩ ᠨᠡᠶᠢᠭᠡᠮᠲ᠋ᠣᠭᠤᠷᠢᠭ ᠲᠤ ᠭᠦᠨᠵᠡᠭᠡᠶᠢᠷᠡᠨ | ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠦᠢᠯᠡᠴᠢᠯᠡᠬᠦ︾ | ︱ ᠪᠦᠬᠦ ᠣᠷᠣᠨ ᠤ ᠤᠯᠠᠭᠠᠨᠮᠥ᠋ᠴᠢᠷ ᠤᠨ ᠰᠢᠨ᠎ᠡ ᠡᠭᠦᠳᠦᠯᠲᠡ ᠶᠢᠨ ᠪᠦᠲᠦᠭᠡᠯ ᠤᠨ ᠦᠵᠡᠭᠦᠯᠭᠡ ᠶᠢᠨ | ᠲᠣᠭᠯᠠᠯᠲᠠ ᠶᠢᠨ ᠠᠵᠢᠯᠯᠠᠭ᠎ᠠ ᠳᠤ ᠤᠷᠤᠯᠴᠠᠪᠠ ᠃ | ᠳᠠᠷᠠᠭᠠᠴᠢ ᠶᠢᠨ ᠠᠯᠬᠤᠮ ᠳᠤ᠂ ᠣᠷᠳᠣᠰ ᠬᠤᠳᠠ ᠶᠢᠨ ᠤᠯᠠᠭᠠᠨᠮᠥ᠋ᠴᠢᠷ ᠤᠨ ᠬᠢᠨ ᠰᠤᠷᠤᠯᠴᠠᠯᠭ᠎ᠠ ᠪᠣᠯᠪᠠᠰᠤᠷᠠᠯ᠂ | ᠠᠭᠤᠯᠭ᠎ᠠ ᠶᠢᠨ ᠪᠦᠲᠦᠭᠡᠯᠲᠡ᠂ ᠲᠣᠭᠯᠠᠯᠲᠠ ᠶᠢᠨ ᠦᠢᠯᠡᠴᠢᠯᠡᠭᠡ ᠵᠡᠷᠭᠡ ᠭᠤᠷᠪᠠᠨ ᠠᠭᠤᠯᠭ᠎ᠠ ᠶᠢᠨ ᠲᠣᠭᠤᠷᠢᠨ ᠳᠤ | ︽ᠰᠤᠷᠤᠯᠴᠠᠬᠤ · ᠡᠭᠦᠳᠬᠦ · ᠲᠣᠭᠯᠠᠬᠤ︾ᠠᠵᠢᠯ ᠢ ᠡᠬᠢᠯᠡᠭᠦᠯᠦᠨ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ | ᠡᠭᠦᠷᠭᠡ ᠴᠢᠳᠠᠪᠤᠷᠢ ᠪᠠᠨ ᠭᠦᠢᠴᠡᠳᠬᠡᠵᠦ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠵᠦ᠂ ᠮᠠᠯᠴᠢᠨ | ᠲᠠᠷᠢᠶᠠᠴᠢᠨ ᠳᠤ ᠦᠢᠯᠡᠴᠢᠯᠡᠵᠦ᠂ ᠤᠳᠬ᠎ᠠ ᠤᠷᠠᠯᠢᠭ ᠤᠨ ᠰᠢᠨ᠎ᠡ ᠡᠭᠦᠳᠦᠯᠲᠡ ᠶᠢ ᠠᠬᠢᠭᠤᠯᠵᠤ᠂ ᠤᠯᠠᠨ | ᠲᠦᠮᠡᠨ ᠲᠠᠢ ᠣᠶᠢᠷᠠᠲᠤᠭᠰᠠᠨ᠂ ᠤᠯᠠᠨ ᠲᠦᠮᠡᠨ ᠤ ᠬᠦᠷᠢᠶᠡᠯᠡᠯ ᠢ ᠣᠯᠣᠭᠰᠠᠨ ᠰᠢᠯᠢᠳᠡᠭ ᠪᠦᠲᠦᠭᠡᠯ ᠢ ᠨᠡᠩ ᠤᠯᠠᠨ | ᠵᠣᠬᠢᠶᠠᠨ ᠪᠦᠲᠦᠭᠡᠬᠦ ᠪᠠᠷ ᠴᠢᠷᠮᠠᠶᠢᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠯᠢᠭ ᠤᠨ | ᠬᠡᠯᠪᠡᠷᠢ ᠪᠠᠷ ᠨᠠᠮ ᠤᠨ ᠤᠨᠤᠯ᠂ ᠲᠦᠷᠦ ᠶᠢᠨ ᠪᠣᠳᠣᠯᠭ᠎ᠠ ᠶᠢ ᠤᠬᠠᠭᠤᠯᠵᠤ᠂ ᠤᠯᠠᠨ ᠲᠦᠮᠡᠨ ᠤ ᠤᠶᠤᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠮ ᠤᠨ ᠳᠠᠭᠤᠨ ᠬᠤᠭᠤᠯᠠᠢ ᠪᠠ ᠬᠠᠶᠢᠷ᠎ᠠ ᠬᠠᠯᠠᠮᠵᠢ ᠶᠢ ᠲᠦᠭ | ᠲᠦᠮᠡᠨ ᠠᠶᠢᠯ ᠡᠷᠦᠬᠡ ᠳᠤ ᠬᠦᠷᠭᠡᠵᠦ᠂ ᠠᠷᠠᠳ ᠤᠯᠠᠨ ᠤ ᠳᠡᠷᠭᠡᠳᠡ ᠬᠦᠷᠭᠡᠵᠦ᠂ ᠥᠨᠢ ᠡᠭᠦᠷᠢᠳᠡ ᠲᠠᠯ᠎ᠠ | ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ ᠪᠤᠯᠤᠨ᠎ᠠ᠃ |