ᠥᠪᠥᠷ ᠮᠣᠩᠭᠤᠯ ᠤᠨ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠠᠭᠤᠳᠠᠯ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠵᠤ ᠠᠬᠤᠶᠢᠯᠠᠯ ᠤᠨ ᠬᠦᠴᠢᠷᠳᠡᠯ ᠢ ᠨᠢᠭᠤᠷᠳᠠᠨ ᠰᠢᠢᠳᠪᠦᠷᠢᠯᠡᠵᠦ ᠥᠭᠪᠡ
ᠨᠡᠶᠢᠲᠡᠯᠡᠭᠰᠡᠨ ᠴᠠᠭ᠄
2023/2/11
    2 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠥᠬᠡᠬᠤᠲᠠ ᠳᠤ ᠬᠥᠬᠡᠬᠤᠲᠠ ᠳᠤ ᠰᠠᠭᠤᠭ᠎ᠠ ᠭᠤᠣᠯᠳᠠᠯᠭ᠎ᠠ ᠲᠠᠢ ᠵᠢᠭᠤᠯᠴᠢᠯᠠᠯ ᠤᠨ ᠬᠤᠷᠢᠶ᠎ᠠ ᠶᠢᠨ ᠲᠥᠯᠥᠭᠡᠯᠡᠭᠴᠢᠳ ᠤᠨ ᠰᠠᠭᠤᠳᠠᠯ ᠤᠨ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠤᠨ ᠰᠡᠳᠬᠢᠯ ᠤᠨ ᠦᠭᠡ ᠶᠢ ᠨᠢᠭᠤᠷᠲᠠᠨ ᠰᠣᠨᠣᠰᠴᠤ᠂ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠥᠭᠵᠢᠯᠲᠡ ᠶᠢᠨ ᠰᠠᠶᠢᠨ ᠠᠷᠭ᠎ᠠ ᠪᠣᠳᠣᠯᠭ᠎ᠠ ᠶᠢ ᠬᠠᠮᠲᠤ ᠪᠠᠷ ᠵᠥᠪᠳᠡᠯᠴᠡᠨ᠂ ᠵᠢᠭᠤᠯᠴᠢᠯᠠᠯ ᠤᠨ ᠦᠢᠯᠡᠰ ᠢ ᠳᠠᠬᠢᠨ ᠡᠬᠢᠯᠡᠭᠦᠯᠬᠦ ᠳᠤ ᠬᠦᠴᠦᠨ ᠴᠢᠳᠠᠯ ᠢᠶᠠᠨ ᠲᠥᠪᠯᠡᠷᠡᠭᠦᠯᠪᠡ᠃      ᠰᠠᠭᠤᠳᠠᠯ ᠤᠨ ᠬᠤᠷᠠᠯ ᠳᠡᠭᠡᠷ᠎ᠡ᠂ ᠲᠦ᠋ ᠢ ᠣᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠶᠡᠷᠦᠩᠬᠡᠢ ᠳᠠᠭᠠᠭᠠᠮᠠᠯ ᠵᠠᠩ ᠱᠢ ᠰᠢᠨ᠂ ᠵᠥᠩ ᠰᠢᠨ ᠤᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠶᠡᠷᠦᠩᠬᠡᠢ ᠳᠠᠭᠠᠭᠠᠮᠠᠯ ᠴᠢᠦᠢ ᠽᠦᠸᠧ ᠦ᠋᠂ ᠾᠧᠩ ᡁᠢ ᠳ᠋ᠡ ᠤᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠶᠡᠷᠦᠩᠬᠡᠢ ᠳᠠᠭᠠᠭᠠᠮᠠᠯ ᠲᠠᠩ ᠹᠧᠩ ᠴᠢᠶᠠᠩ᠂ ᠨᠥᠬᠦᠷᠯᠡᠯ ᠤᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠸᠠᠩ ᡁᠢ ᠾᠦᠢ᠂ ᠳᠤᠮᠳᠠᠳᠤ ᠤᠯᠤᠰ ᠤᠨ ᠤᠯᠠᠨ ᠤᠯᠤᠰ ᠤᠨ ᠵᠠᠯᠠᠭᠤᠴᠤᠳ ᠤᠨ ᠵᠢᠭᠤᠯᠴᠢᠯᠠᠯ ᠤᠨ ᠬᠤᠷᠢᠶ᠎ᠠ ᠶᠢᠨ ᠬᠡᠷᠡᠭ ᠮᠡᠳᠡᠭᠴᠢᠳ ᠤᠨ ᠳᠠᠷᠤᠭ᠎ᠠ ᠺᠠᠩ ᠵᠢᠶᠠᠨ᠂ ᠳᠤᠮᠳᠠᠳᠤ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠶᠡᠷᠦᠩᠬᠡᠢ ᠳᠠᠭᠠᠭᠠᠮᠠᠯ ᠮᠧᠩ ᠪᠥᠸᠧ᠂ ᠹᠧᠩ ᠴᠢᠩ ᠤᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠶᠡᠷᠦᠩᠬᠡᠢ ᠳᠠᠭᠠᠭᠠᠮᠠᠯ ᠵᠦ ᠶᠠ ᠵᠢᠩ᠂ ᠮᠢᠩ ᠴᠧᠨ ᠵᠢᠭᠤᠯᠴᠢᠯᠠᠯ ᠤᠨ ᠬᠤᠷᠢᠶ᠎ᠠ ᠶᠢᠨ ᠶᠡᠷᠦᠩᠬᠡᠢ ᠳᠠᠭᠠᠭᠠᠮᠠᠯ ᠸᠠᠩ ᠶᠢᠨ ᠫᠢᠩ᠂ ᠷᠦᠢ ᠰᠢᠤᠸᠠᠢ ᠶᠢᠦ ᠫᠢᠨ ᠤᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠯᠢ ᠵᠢᠤᠸᠠᠨ ᠵᠡᠷᠭᠡ ᠵᠢᠭᠤᠯᠴᠢᠯᠠᠯ ᠤᠨ ᠬᠤᠷᠢᠶ᠎ᠠ ᠶᠢᠨ ᠲᠥᠯᠥᠭᠡᠯᠡᠭᠴᠢ ᠦᠭᠡ ᠬᠡᠯᠡᠪᠡ᠃ ᠤᠯᠠᠨ ᠢᠶᠠᠷ ᠢᠶᠠᠨ ᠭᠤᠣᠯ ᠰᠡᠳᠦᠪ ᠲᠤ ᠪᠠᠨ ᠰᠢᠭᠤᠳ ᠣᠷᠣᠵᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠣᠳᠣᠬᠠᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠪᠣᠯᠣᠨ ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠲᠠᠨᠢᠯᠴᠠᠭᠤᠯᠵᠤ᠂ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃ ᠣᠯᠠᠨ ᠢᠶᠠᠷ ᠢᠶᠠᠨ ᠥᠪᠥᠷ ᠮᠣᠩᠭᠤᠯ ᠤᠨ ᠣᠨᠴᠠᠯᠢᠭ ᠪᠦᠬᠦᠢ ︽IP︾ ᠶᠢ ᠬᠡᠷᠬᠢᠨ ᠪᠣᠶ ᠪᠣᠯᠭᠠᠬᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠬᠦ ᠵᠢᠴᠢ ᠵᠢᠭᠤᠯᠴᠢᠯᠠᠯ ᠤᠨ ᠬᠤᠷᠢᠶ᠎ᠠ ᠶᠢ ᠬᠠᠪᠰᠤᠷᠤᠨ ᠲᠡᠳᠬᠦᠵᠦ ᠳᠠᠬᠢᠨ ᠡᠬᠢᠯᠡᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠰᠡᠳᠦᠪ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃    ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠶᠠᠨ ᠲᠤᠬᠠᠢ ᠶᠢᠨ ᠲᠠᠯᠠᠪᠤᠷ ᠲᠤ ᠠᠯᠪᠠᠯᠠᠵᠤ᠂ ᠵᠢᠭᠤᠯᠴᠢᠯᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠠᠪᠰᠤᠷᠤᠨ ᠲᠡᠳᠬᠦᠬᠦ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠡᠵᠡᠩᠨᠡᠨ ᠪᠣᠷᠣᠯᠠᠭᠤᠯᠤᠯᠲᠠ ᠳᠤ ᠶᠠᠮᠠᠷ ᠶᠠᠮᠠᠷ ᠳᠤᠲᠠᠭᠤᠳᠠᠯ ᠣᠷᠣᠰᠢᠵᠤ ᠪᠠᠶᠢᠬᠤ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠮᠥᠵᠢᠭᠦᠯᠵᠦ ᠪᠠᠶᠢᠭ᠎ᠠ ᠪᠠᠶᠢᠳᠠᠯ ᠵᠡᠷᠭᠡ ᠠᠰᠠᠭᠤᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠴᠡᠢ     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠢᠦᠢ ᡁᠢ ᠭᠦᠸᠧ᠂ ᠵᠠᠩ ᠸᠧᠨ ᠵᠢᠶᠦ᠋ᠨ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠤᠤ ᠽᠢ ᠢ ᠵᠢᠴᠢ ᠬᠠᠮᠢᠶ᠎ᠠ ᠪᠦᠬᠦᠢ ᠭᠠᠵᠠᠷ ᠭᠡᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠭᠰᠠᠨ ᠪᠥᠭᠡᠳ ᠰᠠᠨᠠᠯ ᠢᠶᠠᠨ ᠰᠤᠯᠢᠯᠴᠠᠵᠤ ᠦᠭᠡ ᠶᠠᠷᠢᠵᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号