ᠰᠣᠶᠣᠯ ᠵᠢᠭᠤᠯᠴᠢᠯᠠᠯ ᠤᠨ ᠬᠢᠨ ︽ᠬᠥᠭᠦᠷᠭᠡ ᠲᠠᠯᠪᠢᠵᠤ︾ ᠰᠣᠶᠣᠯ ᠵᠢᠭᠤᠯᠴᠢᠯᠠᠯ ᠤᠨ ᠠᠵᠤ ᠠᠬᠤᠶᠢᠯᠠᠯ  ᠬᠢᠨ ︽ᠭᠠᠷ ᠬᠤᠯᠪᠤᠯᠴᠠᠵᠤ︾ ᠬᠠᠷᠢᠯᠴᠠᠨ ᠠᠰᠢᠭ ᠤᠯᠭᠤᠵᠤ ᠬᠠᠮᠲᠤ ᠪᠠᠷ ᠤᠯᠵᠠ ᠬᠦᠷᠳᠡᠬᠦ ᠶᠢ ᠪᠡᠶᠡᠯᠡᠭᠦᠯᠦᠨ᠎ᠡ ︱ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠦᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠰᠣᠯᠢᠯᠴᠠᠭ᠎ᠠ ᠲᠠᠨᠢᠯᠴᠠᠭᠤᠯᠭ᠎ᠠ ᠶᠢᠨ ᠬᠤᠷᠠᠯ  ᠢ ᠡᠷᠬᠢᠯᠡᠪᠡ
ᠨᠡᠶᠢᠲᠡᠯᠡᠭᠰᠡᠨ ᠴᠠᠭ᠄
2023/2/21
    2 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠥᠬᠡᠬᠤᠲᠠ ᠶᠢᠨ ᠰᠣᠶᠣᠯ ᠤᠨ ᠣᠷᠳᠣᠨ ᠤ ᠤᠳᠤᠳ ᠲᠢᠶᠠᠲᠷ ᠲᠤ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠰᠣᠯᠢᠯᠴᠠᠭ᠎ᠠ ᠲᠠᠨᠢᠯᠴᠠᠭᠤᠯᠭ᠎ᠠ ᠶᠢᠨ ᠬᠤᠷᠠᠯ ᠡᠷᠭᠢᠯᠡᠪᠡ᠃ ᠪᠦᠬᠦ ᠬᠤᠳᠠ ᠶᠢᠨ 9 ᠬᠤᠰᠢᠭᠤ ᠰᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ᠂ 120 ᠭᠠᠷᠤᠢ ᠵᠢᠭᠤᠯᠴᠢᠯᠠᠯ ᠤᠨ ᠬᠤᠷᠢᠶ᠎ᠠ ᠵᠢᠴᠢ ᠬᠡᠰᠡᠭ ᠰᠣᠶᠣᠯ ᠵᠢᠭᠤᠯᠴᠢᠯᠠᠯ ᠤᠨ ᠬᠢᠨ᠂ ᠰᠣᠶᠣᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠲᠥᠯᠥᠭᠡᠯᠡᠭᠴᠢᠳ ᠨᠢᠭᠡ ᠲᠠᠩᠬᠢᠮ ᠳᠤ ᠴᠤᠭᠯᠠᠷᠠᠵᠤ᠂ ᠳᠠᠪᠠᠭᠤᠯᠢᠭ ᠢᠶᠠᠨ ᠬᠠᠮᠲᠤ ᠪᠠᠷ ᠠᠬᠢᠭᠤᠯᠵᠤ᠂ ᠠᠵᠤ ᠦᠢᠯᠡᠰ ᠢ ᠬᠠᠮᠲᠤ ᠪᠠᠷ ᠵᠥᠪᠯᠡᠵᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠪᠡ᠃     ᠲᠤᠰ ᠠᠵᠢᠯᠯᠠᠭ᠎ᠠ  ᠶᠢ ᠡᠷᠭᠢᠯᠡᠭᠰᠡᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠬᠤᠲᠠ ᠶᠢᠨ ᠰᠣᠶᠣᠯ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠯ ᠵᠣᠷᠢᠭ ᠪᠠ ᠠᠮᠢᠵᠢᠷᠠᠯ ᠤᠨ ᠬᠦᠴᠦᠨ ᠢ ᠬᠥᠭᠵᠢᠭᠡᠨ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠤ ᠲᠥᠪ ᠤᠨ ᠲᠠᠲᠠᠬᠤ ᠬᠦᠴᠦᠨ᠂ ᠲᠥᠪᠯᠡᠩᠭᠦᠶ ᠬᠦᠴᠦᠨ᠂ ᠨᠢᠭᠲᠠᠷᠠᠭᠤᠯᠬᠤ ᠬᠦᠴᠦᠨ᠂ ᠳᠠᠶᠢᠴᠢᠯᠠᠬᠤ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠬᠤ ᠨᠢᠭᠡ ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ ᠲᠤᠰ ᠤᠳᠠᠭ᠎ᠠ ᠶᠢᠨ ᠰᠣᠯᠢᠯᠴᠠᠭ᠎ᠠ ᠲᠠᠨᠢᠯᠴᠠᠭᠤᠯᠭ᠎ᠠ ᠶᠢᠨ ᠬᠤᠷᠠᠯ ᠢᠶᠠᠷ ᠳᠠᠮᠵᠢᠭᠤᠯᠵᠤ᠂ ᠰᠣᠶᠣᠯ ᠵᠢᠭᠤᠯᠴᠢᠯᠠᠯ ᠤᠨ ᠬᠢᠨ ︽ᠬᠥᠭᠦᠷᠭᠡ ᠲᠠᠯᠪᠢᠵᠤ︾᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠢᠨ ︽ᠭᠠᠷ ᠬᠤᠯᠪᠣᠯᠴᠠᠬᠤ︾ ᠶᠢ ᠪᠡᠶᠡᠯᠡᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠷᠢᠯᠴᠠᠨ ᠠᠰᠢᠭ ᠤᠯᠭᠤᠵᠤ ᠬᠠᠮᠲᠤ ᠪᠠᠷ ᠤᠯᠵᠠ ᠬᠦᠷᠳᠡᠬᠦ ᠶᠢ ᠪᠡᠶᠡᠯᠡᠭᠦᠯᠵᠦ᠂ ᠪᠦᠬᠦ ᠬᠤᠳᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠠᠵᠠ ᠲᠣᠬᠢᠶᠠᠯ ᠣᠯᠭᠤᠵᠤ᠂ ᠰᠢᠨ᠎ᠡ ᠬᠠᠮᠲᠤᠷᠠᠯᠴᠠᠭ᠎ᠠ ᠶᠢ ᠠᠬᠢᠭᠤᠯᠵᠤ᠂ ᠰᠢᠨ᠎ᠡ ᠴᠢᠳᠠᠪᠤᠷᠢ ᠣᠯᠭᠤᠬᠤ ᠶᠢ ᠪᠡᠶᠡᠯᠡᠭᠦᠯᠵᠦ᠂ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠵᠣᠷᠢᠯᠭ᠎ᠠ ᠲᠠᠢ ᠶᠤᠮ᠃
 
ᠢᠷᠡᠯᠲᠡ᠄ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号