2 ᠳ᠋ᠤᠭᠠᠷ ᠰᠠᠷ᠎ᠠ ᠶᠢᠨ 18 ᠤ 10 ᠴᠠᠭ ᠲᠤ᠂ ᠭᠤᠸᠠᠩᠳᠦ᠋ᠩ ᠥᠪᠥᠷ ᠮᠣᠩᠭᠤᠯ ᠤᠨ ︽ᠵᠠᠭᠤᠨ ᠲᠦᠮᠡᠨ | ᠬᠥᠮᠥᠨ ᠬᠠᠷᠢᠯᠴᠠᠨ ᠵᠢᠭᠤᠯᠴᠢᠯᠠᠬᠤ︾ ᠠᠩᠬᠠᠨ ᠤ ᠪᠦᠯᠬᠦᠮ ᠤᠨ 151 ᠵᠢᠭᠤᠯᠴᠢᠯᠠᠭᠴᠢ ᠭᠤᠸᠠᠩᠵᠧᠦ ᠶᠢᠨ ᠪᠠᠢ | ᠶᠦᠨ ᠨᠢᠰᠬᠡᠯ ᠤᠨ ᠪᠠᠭᠤᠳᠠᠯ ᠠᠴᠠ CZ3197 ᠳ᠋ᠤᠭᠠᠷ ᠡᠭᠡᠯᠵᠢ ᠶᠢᠨ ᠨᠢᠰᠬᠡᠯ ᠳᠤ ᠰᠠᠭᠤᠵᠤ ᠬᠥᠬᠡᠬᠤᠲᠠ ᠳᠤ | ᠬᠦᠷᠪᠡ᠃ ᠥᠪᠥᠷ ᠮᠣᠩᠭᠤᠯ ᠳᠤ 4 ᠡᠳᠦᠷ 3 ᠰᠦᠨᠢ ᠶᠢᠨ ᠬᠤᠭᠤᠴᠠᠭ᠎ᠠ ᠲᠠᠢ ᠰᠡᠯᠡᠭᠦᠴᠡᠯ ᠤᠨ ᠵᠢᠭᠤᠯᠴᠢᠯᠠᠯ ᠢᠶᠠᠨ | ᠡᠬᠢᠯᠡᠭᠦᠯᠵᠦ᠂ ᠮᠠ ᠽᠦᠩ ᠱᠠᠨ ᠤ ᠴᠠᠨᠠᠯᠠᠬᠤ ᠲᠠᠯᠠᠪᠠᠢ᠂ ᠰᠢᠷᠠᠮᠦᠶᠢᠷᠠᠨ ᠤ ᠲᠠᠯ᠎ᠠ ᠨᠤᠲᠤᠭ᠂ ᠪᠦᠷᠢᠶ᠎ᠡ ᠮᠠᠩᠬ᠎ᠠ᠂ | ᠥᠪᠥᠷ ᠮᠣᠩᠭᠤᠯ ᠤᠨ ᠮᠦᠽᠧᠢ ᠵᠡᠷᠭᠡ ᠴᠡᠭ ᠢᠶᠠᠷ ᠴᠠᠨᠠᠯᠠᠬᠤ᠂ ᠡᠯᠡᠰᠦᠨ ᠴᠦᠯ ᠳᠤ ᠵᠤᠭᠠᠴᠠᠬᠤ᠂ ᠥᠪᠥᠷ | ᠮᠣᠩᠭᠤᠯ ᠢ ᠰᠤᠨᠢᠷᠬᠠᠬᠤ ᠰᠠᠶᠢᠨ ᠰᠠᠶᠢᠬᠠᠨ ᠵᠢᠭᠤᠯᠴᠢᠯᠠᠯ ᠢᠶᠠᠨ ᠡᠬᠢᠯᠡᠭᠦᠯᠬᠦ ᠪᠠᠷ ᠪᠤᠢ᠃ | ᠡᠨᠡ ᠤᠳᠠᠭ᠎ᠠ ᠭᠤᠸᠠᠩᠳᠦ᠋ᠩ ᠮᠤᠵᠢ ᠶᠢᠨ ᠨᠢᠰᠬᠡᠯ ᠳᠠᠭᠠᠭᠠᠴᠢᠯᠠᠭᠰᠠᠨ ᠵᠢᠭᠤᠯᠴᠢᠯᠠᠯ ᠤᠨ ᠪᠦᠯᠬᠦᠮ | ᠬᠥᠬᠡᠬᠤᠲᠠ ᠳᠤ ᠰᠠᠭᠤᠷᠢᠰᠢᠭᠰᠠᠨ ᠶᠠᠪᠤᠳᠠᠯ ᠪᠣᠯ 2 ᠳ᠋ᠤᠭᠠᠷ ᠰᠠᠷ᠎ᠠ ᠶᠢᠨ ᠡᠬᠢ ᠪᠠᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠭᠤᠸᠠᠩᠳᠦ᠋ᠩ ᠮᠤᠵᠢ ᠳᠤ | ᠥᠷᠨᠢᠭᠦᠯᠦᠭᠰᠡᠨ ︽ᠲᠠᠯ᠎ᠠ ᠨᠤᠲᠤᠭ ᠠᠴᠠ ᠢᠷᠡᠭᠰᠡᠨ ᠤᠷᠢᠬᠠᠨ ᠰᠠᠯᠬᠢ · ᠭᠤᠸᠠᠩᠳᠦ᠋ᠩ ᠰᠢᠶᠠᠩᠭᠠᠩ ᠣᠣᠮᠧᠨ ᠢ | ᠤᠷᠢᠶᠠᠯᠠᠨ᠎ᠠ︾ ᠭᠡᠬᠦ ᠭᠤᠣᠯ ᠰᠡᠳᠦᠪᠲᠦ ᠭᠤᠸᠠᠩᠳᠦ᠋ᠩ ᠦᠪᠦᠷ ᠮᠣᠩᠭᠤᠯ ᠤᠨ ︽ᠵᠠᠭᠤᠨ ᠲᠦᠮᠡᠨ ᠬᠥᠮᠥᠨ | ᠬᠠᠷᠢᠯᠴᠠᠨ ᠵᠢᠭᠤᠯᠴᠢᠯᠠᠬᠤ︾ ᠵᠢᠭᠤᠯᠴᠢᠯᠠᠯ ᠤᠨ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠤᠨ | ᠦᠷ᠎ᠡ ᠪᠦᠲᠦᠭᠡᠯ ᠮᠥᠨ᠂ ᠡᠨᠡ ᠨᠢ 2023 ᠣᠨ ᠤ ᠭᠤᠸᠠᠩᠳᠦ᠋ᠩ ᠦᠪᠦᠷ ᠮᠣᠩᠭᠤᠯ ᠤᠨ ︽ᠵᠠᠭᠤᠨ ᠲᠦᠮᠡᠨ | ᠬᠥᠮᠥᠨ ᠬᠠᠷᠢᠯᠴᠠᠨ ᠵᠢᠭᠤᠯᠴᠢᠯᠠᠬᠤ︾ ᠲᠥᠯᠥᠪᠯᠡᠭᠡ ᠪᠥᠬᠦ ᠲᠠᠯ᠎ᠠ ᠪᠠᠷ ᠬᠡᠷᠡᠭᠵᠢᠭᠦᠯᠦᠭᠳᠡᠭᠰᠡᠨ ᠢ ᠬᠠᠷᠠᠭᠤᠯᠵᠤ ᠪᠠᠶᠢᠨ᠎ᠠ | ᠃ | ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠭᠤᠯᠴᠢᠯᠠᠯ ᠤᠨ | ᠦᠵᠡᠮᠵᠢ ᠶᠢᠨ ᠣᠷᠣᠨ ᠳᠤ ︽ᠶᠠᠰᠤ ᠴᠢᠨᠠᠷ ᠢ ᠳᠡᠭᠡᠭᠰᠢᠯᠡᠭᠦᠯᠵᠦ᠂ ᠬᠥᠮᠥᠰ ᠤᠨ ᠬᠦᠷᠢᠶᠡᠯᠡᠯ ᠢ ᠨᠢᠭᠲᠠᠷᠠᠭᠤᠯᠵᠤ᠂ | ᠠᠮᠢᠵᠢᠷᠠᠯ ᠤᠨ ᠬᠦᠴᠦᠨ ᠢ ᠨᠡᠮᠡᠭᠳᠡᠭᠦᠯᠬᠦ︾ ᠪᠠᠷ ᠭᠤᠣᠯᠳᠠᠭᠤᠯᠵᠤ᠂ ᠨᠡᠩ ᠤᠯᠠᠨ ᠠᠮᠠᠷᠠᠯᠲᠠ ᠶᠢᠨ ᠵᠢᠭᠤᠯᠴᠢᠯᠠᠯ᠂ | ᠡᠷᠡᠭᠦᠯ ᠡᠩᠬᠡ ᠰᠤᠪᠢᠯᠠᠯᠲᠠ ᠶᠢᠨ ᠵᠢᠭᠤᠯᠴᠢᠯᠠᠯ᠂ ᠦᠪᠡᠷᠰᠡᠳ ᠢᠶᠠᠨ ᠮᠠᠰᠢᠨ ᠵᠢᠯᠤᠭᠤᠳᠬᠤ ᠵᠢᠭᠤᠯᠴᠢᠯᠠᠯ᠂ ᠬᠡᠭᠡᠷ᠎ᠡ | ᠪᠠᠭᠤᠳᠠᠯᠯᠠᠬᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠭᠤᠣᠯ ᠰᠡᠳᠦᠪᠲᠦ ᠪᠦᠲᠦᠭᠡᠭᠳᠡᠬᠦᠨ ᠢ | ᠭᠠᠷᠭᠠᠵᠤ᠂ ᠥᠪᠥᠷ ᠮᠣᠩᠭᠤᠯ ᠭᠤᠸᠠᠩᠳᠦ᠋ᠩ ᠤᠨ ᠬᠤᠳᠠᠯᠳᠤᠭᠠᠨ ᠤ ᠵᠢᠭᠤᠯᠴᠢᠯᠠᠯ ᠳᠤ ᠨᠡᠩ ᠬᠠᠯᠠᠭᠤᠨ ᠳᠤᠯᠠᠭᠠᠨ᠂ | ᠲᠠᠭᠠᠯᠠᠮᠵᠢᠲᠠᠢ᠂ ᠭᠤᠶᠤ ᠰᠠᠶᠢᠬᠠᠨ᠂ ᠳᠥᠭᠦᠮ ᠳᠥᠲᠡ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠣᠷᠣᠨ ᠵᠠᠢ | ᠬᠠᠩᠭᠠᠵᠤ᠂ ᠬᠤᠶᠠᠷ ᠭᠠᠵᠠᠷ ᠤᠨ ᠵᠢᠭᠤᠯᠴᠢᠯᠠᠯ ᠤᠨ ᠬᠠᠮᠲᠤᠷᠠᠯᠴᠠᠭ᠎ᠠ ᠳᠤ ᠨᠡᠩ ᠡᠯᠪᠡᠭ ᠪᠠᠶᠠᠯᠢᠭ ᠦᠷ᠎ᠡ ᠪᠦᠲᠦᠭᠡᠯ | ᠭᠠᠷᠭᠠᠬᠤ ᠶᠢ ᠠᠬᠢᠭᠤᠯᠬᠤ ᠪᠣᠯᠣᠨ᠎ᠠ᠃ | |