2 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠭᠤᠣᠯᠯᠠᠨ ᠡᠷᠭᠢᠯᠡᠵᠦ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ | ᠮᠣᠩᠭᠤᠯ ᠳᠤ ᠬᠢ ᠬᠤᠪᠢᠶᠠᠷᠢ ᠪᠠᠩᠬᠢ ᠳᠠᠭᠠᠭᠠᠨ ᠡᠷᠭᠢᠯᠡᠭᠰᠡᠨ ︽ᠮᠥᠩᠭᠦᠨ ᠭᠦᠢᠯᠭᠡᠭᠡᠨ ᠢᠶᠠᠷ ᠰᠣᠶᠣᠯ ᠪᠠ | ᠵᠢᠭᠤᠯᠴᠢᠯᠠᠯ ᠤᠨ ᠠᠵᠢᠯ ᠲᠥᠷᠥᠯ ᠤᠨ ᠬᠥᠭᠵᠢᠯᠲᠡ ᠶᠢ ᠳᠡᠮᠵᠢᠬᠦ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ | ᠬᠤᠷᠠᠯ︾ ︵ᠣᠷᠣᠨ ᠤ ᠲᠥᠪ ᠲᠠᠯᠠᠪᠠᠶ︶ ᠬᠥᠬᠡᠬᠤᠲᠠ ᠳᠤ ᠪᠣᠯᠪᠠ᠃ | ᠲᠣᠰ ᠤᠳᠠᠭᠠᠨ ᠤ ᠠᠵᠢᠯᠯᠠᠭ᠎ᠠ ᠪᠣᠯ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ | ᠦᠢᠯᠡᠴᠢᠯᠡᠬᠦ ᠴᠢᠳᠠᠪᠤᠷᠢ ᠶᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠪᠠᠩᠬᠢ ᠠᠵᠤ | ᠠᠬᠤᠶᠢᠯᠠᠯ ᠢ ᠵᠣᠯᠭᠠᠭᠤᠯᠬᠤ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠪᠡᠯᠡ ᠮᠥᠩᠭᠦ ᠶᠢᠨ | ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢᠨ ᠥᠷᠭᠡᠨ ᠳᠡᠯᠭᠡᠷ ᠰᠣᠯᠢᠯᠴᠠᠭ᠎ᠠ ᠬᠠᠮᠲᠤᠷᠠᠯᠴᠠᠭ᠎ᠠ ᠶᠢ ᠲᠦᠯᠬᠢᠨ | ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠃ ᠡᠭᠦᠨ ᠤ ᠵᠣᠷᠢᠯᠭ᠎ᠠ ᠨᠢ ᠵᠠᠰᠠᠭ ᠤᠨ ᠣᠷᠳᠣᠨ ᠪᠠᠩᠬᠢ ᠠᠵᠤ | ᠠᠬᠤᠶᠢᠯᠠᠯ ᠢ ᠵᠣᠯᠭᠠᠭᠤᠯᠬᠤ ᠪᠠᠷ ᠳᠠᠮᠵᠢᠭᠤᠯᠤᠨ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠪᠡᠯᠡ | ᠴᠤᠭᠯᠠᠭᠤᠯᠬᠤ ᠪᠡᠷᠬᠡ ᠰᠡᠳᠦᠪ ᠢ ᠴᠢᠷᠮᠠᠶᠢᠨ ᠰᠢᠢᠳᠪᠦᠷᠢᠯᠡᠵᠦ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠳᠤ | ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠦᠷᠭᠦᠯᠵᠢᠯᠡᠨ ᠴᠢᠩᠭᠠᠯᠠᠵᠤ᠂ ᠥᠪᠥᠷ | ᠮᠣᠩᠭᠤᠯ ᠤᠨ ᠥᠪᠡᠰᠦᠪᠡᠨ ᠮᠠᠰᠢᠨ ᠵᠢᠯᠤᠭᠤᠳᠴᠤ ᠵᠢᠭᠤᠯᠴᠢᠯᠠᠬᠤ ᠲᠡᠷᠢᠭᠦᠨ ᠤ ᠰᠣᠩᠭᠤᠯᠲᠠ ᠶᠢᠨ ᠭᠠᠵᠠᠷ᠂ ᠬᠡᠭᠡᠷ᠎ᠡ | ᠪᠠᠭᠤᠳᠠᠯᠯᠠᠬᠤ ᠵᠢᠭᠤᠯᠴᠢᠯᠠᠯ ᠤᠨ ᠰᠣᠩᠭᠤᠯᠲᠠ ᠶᠢᠨ ᠰᠠᠶᠢᠬᠠᠨ ᠭᠠᠵᠠᠷ᠂ ᠠᠮᠠᠷᠠᠯᠲᠠ ᠪᠠᠨ ᠥᠩᠭᠡᠷᠡᠭᠡᠬᠦ | ᠵᠢᠭᠤᠯᠴᠢᠯᠠᠯ ᠤᠨ ᠯᠠᠪᠲᠠᠢ ᠰᠤᠩᠭᠤᠬᠤ ᠭᠠᠵᠠᠷ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ | ᠰᠣᠩᠭᠤᠯᠲᠠ ᠶᠢᠨ ᠭᠠᠵᠠᠷ ᠢ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠰᠣᠶᠣᠯ | ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ ᠮᠦᠨ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠪᠠᠶᠠᠷ ᠤᠨ ᠦᠭᠡ ᠬᠡᠯᠡᠬᠦ ᠳᠤ ᠪᠠᠨ᠂ | ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠨ ᠰᠤᠳᠠᠰᠤ ᠮᠥᠨ᠂ ᠪᠣᠳᠠᠲᠤ | ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠣᠯ ᠮᠥᠩᠭᠦᠨ ᠭᠦᠢᠯᠭᠡᠭᠡᠨ ᠤ ᠳᠠᠷᠬᠠᠨ ᠡᠭᠦᠷᠭᠡ ᠪᠣᠯᠳᠠᠭ᠃ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠨᠢ ᠮᠥᠩᠭᠦᠨ ᠭᠦᠢᠯᠭᠡᠭᠡᠨ ᠤ ᠳᠡᠮᠵᠢᠯᠭᠡ ᠠᠴᠠ ᠰᠠᠯᠵᠤ ᠴᠢᠳᠠᠬᠤ | ᠦᠭᠡᠢ᠂ ᠨᠠᠷᠢᠯᠢᠭ ᠣᠨᠣᠴᠠᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠠᠴᠠ ᠰᠠᠯᠵᠤ ᠴᠢᠳᠠᠬᠤ ᠦᠭᠡᠢ ᠶᠤᠮ᠃ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠤᠳᠠᠯ ᠦᠭᠡᠢ ᠪᠥᠬᠦ | ᠣᠷᠣᠨ ᠤ ᠰᠣᠶᠣᠯ ᠪᠠ ᠵᠢᠭᠤᠯᠴᠢᠯᠠᠯ ᠤᠨ ᠦᠢᠯᠡᠰ ᠤᠨ ᠰᠡᠷᠭᠦᠯᠲᠡ ᠬᠥᠭᠵᠢᠯᠲᠡ ᠶᠢ ᠠᠬᠢᠭᠤᠯᠬᠤ ᠠᠷᠭ᠎ᠠ | ᠬᠡᠮᠵᠢᠶ᠎ᠡ ᠨᠦᠭᠦᠳ ᠢ ᠨᠡᠶᠢᠲᠡᠯᠡᠵᠦ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠰᠡᠷᠭᠦᠯᠲᠡ ᠬᠥᠭᠵᠢᠯᠲᠡ ᠶᠢ | ᠨᠠᠩ ᠰᠠᠶᠢᠲᠤᠷ ᠳᠡᠮᠵᠢᠨ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠪᠠᠷ ᠪᠠᠶᠢᠨ᠎ᠠ ᠭᠡᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠪᠣᠯ ᠬᠢᠵᠢᠭ ᠤᠨ ᠪᠠᠶᠢᠳᠠᠯ ᠤᠨ ᠳᠠᠷᠠᠭᠠᠬᠢ ︽ | ᠬᠥᠬᠡᠭᠴᠢᠨ ᠲᠥᠷᠥᠯ ᠤᠨ ᠬᠥᠬᠡᠭᠴᠢᠨ ᠵᠦᠢᠯ ᠤᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠠᠴᠠ ᠨᠠᠭᠠᠰᠢᠬᠢ | ᠥᠪᠥᠷ ᠮᠣᠩᠭᠤᠯ ᠤᠨ ᠠᠩᠬᠠᠳᠠᠭᠴᠢ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠪᠣᠯᠵᠠᠢ᠃ | ᠵᠣᠯᠭᠠᠭᠤᠯᠬᠤ ᠬᠤᠷᠠᠯ ᠳᠡᠭᠡᠷ᠎ᠡ᠂ ᠪᠦᠬᠦ ᠣᠷᠣᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ 90 ᠭᠠᠷᠤᠢ | ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠲᠠᠢ ᠰᠠᠨᠠᠯ ᠢᠶᠠᠨ ᠰᠣᠯᠢᠯᠴᠠᠪᠠ᠃ ᠰᠣᠶᠣᠯ | ᠵᠢᠭᠤᠯᠴᠢᠯᠠᠯ ᠤᠨ ᠠᠵᠤ ᠠᠬᠤᠶᠢᠯᠠᠯ ᠬᠥᠭᠵᠢᠯᠲᠡ ᠶᠢᠨ ᠪᠠᠶᠢᠳᠠᠯ ᠢᠶᠠᠨ ᠲᠠᠨᠢᠯᠴᠠᠭᠤᠯᠵᠤ᠂ ᠪᠡᠯᠡ ᠲᠣᠬᠢᠷᠠᠭᠤᠯᠭ᠎ᠠ ᠶᠢᠨ | ᠬᠡᠷᠡᠭᠴᠡᠭᠡ ᠱᠠᠭᠠᠷᠳᠠᠯᠭ᠎ᠠ ᠪᠠᠨ ᠳᠤᠷᠠᠳᠪᠠ︔ ᠪᠠᠩᠬᠢ ᠠᠴᠠ ᠮᠥᠩᠭᠦᠨ ᠭᠦᠢᠯᠭᠡᠭᠡᠨ ᠢᠶᠠᠷ ᠰᠣᠶᠣᠯ ᠵᠢᠭᠤᠯᠴᠢᠯᠠᠯ ᠤᠨ | ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠵᠢᠴᠢ ᠮᠥᠩᠭᠦᠨ ᠭᠦᠢᠯᠭᠡᠭᠡᠨ ᠤ ᠦᠢᠯᠡᠳᠬᠦᠨ᠂ ᠣᠷᠣᠬᠤ ᠶᠢ | ᠵᠥᠪᠰᠢᠶᠡᠷᠡᠬᠦ ᠨᠥᠬᠦᠴᠡᠯ ᠢ ᠲᠠᠨᠢᠯᠴᠠᠭᠤᠯᠪᠠ᠃ ᠬᠤᠷᠠᠯ ᠳᠡᠭᠡᠷ᠎ᠡ᠂ 8 ᠪᠠᠩᠬᠢ ᠠᠴᠠ 14 ᠰᠣᠶᠣᠯ ᠵᠢᠭᠤᠯᠴᠢᠯᠠᠯ ᠤᠨ | ᠠᠵᠤ ᠠᠬᠤᠶᠢᠯᠠᠯ ᠳᠤ ᠪᠡᠯᠡ ᠮᠥᠩᠭᠦ ᠴᠤᠭᠯᠠᠭᠤᠯᠬᠤ ᠵᠢᠭᠡᠯᠡᠯᠭᠡ ᠶᠢᠨ ᠵᠥᠪᠯᠡᠯᠴᠡᠭᠡᠷ ᠲᠣᠬᠢᠷᠠᠯᠴᠠᠬᠤ ᠳᠤ ᠬᠦᠴᠦ | ᠨᠡᠮᠡᠷᠢᠯᠡᠵᠦ᠂ 35 ᠳ᠋ᠦᠩᠰᠢᠭᠤᠷ ᠲᠥᠭᠦᠷᠢᠭ ᠤᠨ ᠰᠠᠨᠠᠮᠵᠢ ᠶᠢᠨ ᠵᠣᠭᠤᠰ ᠤᠨ ᠲᠤᠭ᠎ᠠ ᠶᠢ ᠲᠣᠭᠲᠠᠭᠠᠵᠠᠢ᠃ |