ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2022 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2023/3/10
     2022 ᠣᠨ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ  ᠵᠢᠭᠤᠯᠴᠢᠯᠠᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ  ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠦᠨᠳᠦᠰᠦᠨ ᠬᠠᠤᠯᠢ᠂ ᠬᠠᠤᠯᠢ ᠴᠠᠭᠠᠵᠠ ᠳᠦᠷᠢᠮ ᠲᠣᠭᠲᠠᠭᠠᠯ ᠤᠨ ᠱᠠᠭᠠᠷᠳᠠᠯᠭ᠎ᠠ  ᠶᠢ ᠵᠢᠷᠤᠮᠯᠠᠨ ᠰᠠᠬᠢᠵᠤ᠂ ᠲᠥᠪ ᠤᠨ ︽ᠨᠢᠭᠡ ᠲᠥᠯᠦᠪᠵᠢᠭᠦᠯᠭᠡ᠂ ᠬᠤᠶᠠᠷ ᠬᠥᠲᠥᠯᠪᠦᠷᠢ︾ ᠵᠢᠴᠢ ᠥᠪᠡᠷᠲᠡᠭᠡᠨ ᠵᠠᠰᠠᠬᠤ ᠣᠷᠣᠨ ᠤ ᠲᠥᠰᠥᠯ ᠠᠷᠭ᠎ᠠ ᠪᠠᠷᠢᠯ ᠵᠡᠷᠭᠡ ᠬᠠᠤᠯᠢ  ᠶᠤᠰᠤ ᠪᠠᠷ ᠤᠯᠤᠰ ᠢᠶᠠᠨ ᠵᠠᠰᠠᠬᠤ ᠴᠢᠬᠤᠯᠠ ᠪᠠᠶᠢᠯᠳᠤᠬᠤ ᠪᠣᠳᠣᠯᠭ᠎ᠠ᠂ ᠬᠠᠤᠯᠢ ᠶᠤᠰᠤ ᠪᠠᠷ ᠣᠷᠣᠨ ᠢᠶᠠᠨ ᠵᠠᠰᠠᠬᠤ ᠴᠢᠬᠤᠯᠠ ᠠᠵᠢᠯ ᠤᠨ ᠪᠠᠶᠢᠷᠢᠯᠠᠭᠤᠯᠤᠯᠲᠠ  ᠶᠢ ᠪᠦᠬᠦ ᠲᠠᠯ᠎ᠠ  ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ᠂ ᠨᠠᠮ ᠤᠨ ᠬᠠᠤᠯᠢᠵᠢᠯ ᠤᠨ ᠪᠠᠶᠢᠭᠤᠯᠤᠯᠲᠠ ᠳᠤ ᠬᠢ ᠪᠦᠬᠦ ᠲᠠᠯ᠎ᠠ ᠶᠢᠨ ᠤᠳᠤᠷᠢᠳᠤᠯᠭ᠎ᠠ ᠵᠢ‌‍ᠪᠠᠷᠢᠮᠲᠠᠯᠠᠬᠤ᠂ ᠬᠠᠤᠯᠢᠵᠢᠯ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠡᠷᠡᠰ ᠭᠦᠢᠴᠡᠳᠬᠡᠬᠦ᠂ ᠰᠣᠶᠣᠯ ᠪᠠ ᠵᠢᠭᠤᠯᠴᠢᠯᠠᠯ ᠤᠨ ᠬᠠᠤᠯᠢ ᠲᠣᠭᠲᠠᠭᠠᠬᠤ ᠠᠵᠢᠯ ᠢ ᠠᠬᠢᠭᠤᠯᠬᠤ᠂  ᠬᠠᠤᠯᠢᠵᠢᠯ ᠤᠨ ᠤᠬᠠᠭᠤᠯᠭ᠎ᠠ ᠬᠥᠮᠦᠵᠢᠯ ᠪᠣᠯᠪᠠᠰᠤᠷᠠᠯ ᠢ ᠴᠢᠩᠭᠠᠳᠬᠠᠬᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠠᠬᠢᠭᠤᠯᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠬᠠᠤᠯᠢᠵᠢᠯ ᠤᠨ ᠠᠵᠢᠯ ᠳᠤ ᠮᠡᠳᠡᠭᠳᠡᠮ᠎ᠡ ᠦᠷ᠎ᠡ ᠪᠦᠲᠦᠮᠵᠢ ᠣᠯᠪᠠ᠃ ᠬᠠᠤᠯᠢ ᠶᠤᠰᠤ ᠪᠠᠷ ᠵᠠᠰᠠᠭ ᠶᠠᠪᠤᠭᠤᠯᠬᠤ ᠴᠢᠳᠠᠪᠤᠷᠢ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠥᠭᠡᠷᠡᠴᠢᠯᠡᠯᠲᠡ ᠬᠥᠭᠵᠢᠯᠲᠡ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ  ᠬᠠᠩᠭᠠᠪᠠ᠃ᠡᠳᠦᠭᠡ ᠬᠠᠮᠢᠶ᠎ᠠ ᠪᠦᠬᠦᠢ ᠠᠵᠢᠯ ᠤᠨ ᠪᠠᠶᠢᠳᠠᠯ ᠢᠶᠠᠨ ᠳᠣᠣᠷᠠᠬᠢ ᠮᠡᠲᠦ ᠮᠡᠳᠡᠭᠦᠯᠦᠶ᠎ᠡ᠃      ᠨᠢᠭᠡ᠂ 2022 ᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ      ︵ᠨᠢᠭᠡ︶ ᠵᠥᠪ ᠴᠢᠭᠯᠡᠯ ᠢ ᠪᠠᠷᠢᠮᠲᠠᠯᠠᠨ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠰᠢ ᠶᠢᠨ ᠫᠢᠩ  ᠤᠨ  ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠢᠮᠠᠭᠲᠠ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠪᠠ᠃      ᠨᠢᠭᠡ ᠳᠤ᠂ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠪᠠᠷ ᠰᠣᠶᠣᠯ ᠪᠠ ᠵᠢᠭᠤᠯᠴᠢᠯᠠᠯ ᠤᠨ ᠰᠢᠰᠲ᠋ᠧᠮ  ᠤᠨ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠬᠠᠤᠯᠢᠵᠢᠯ ᠤᠨ ᠪᠠᠶᠢᠭᠤᠯᠤᠯᠲᠠ ᠶᠢᠨ ᠪᠦᠬᠦ ᠬᠦᠷᠢᠶ᠎ᠡ ᠪᠦᠬᠦ ᠶᠠᠪᠤᠴᠠ ᠶᠢ ᠶᠡᠷᠦᠩᠬᠡᠶᠢᠯᠡᠨ ᠵᠢᠯᠣᠭᠤᠳᠤᠨ᠎ᠠ᠃ ᠰᠣᠶᠣᠯ ᠪᠠ ᠵᠢᠭᠤᠯᠴᠢᠯᠠᠯ ᠤᠨ ᠰᠢᠰᠲ᠋ᠧᠮ  ᠤᠨ ᠡᠯ᠎ᠡ ᠰᠠᠯᠠᠭ᠎ᠠ ᠮᠥᠴᠢᠷ ᠢ ᠬᠥᠲᠥᠯᠥᠨ ᠱᠠᠯᠠᠪᠳᠠᠭᠤᠯᠤᠨ ᠵᠢᠯᠤᠭᠤᠳᠴᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠤᠯᠢᠵᠢᠯ ᠤᠨ ᠳᠤᠮᠳᠠᠳᠤ ᠤᠯᠤᠰ᠂ ᠬᠠᠤᠯᠢᠵᠢᠯ ᠤᠨ ᠨᠡᠶᠢᠭᠡᠮ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠲᠠᠢ ᠨᠢᠭᠡᠳᠬᠡᠵᠦ᠂ ᠰᠣᠶᠣᠯ ᠤᠨ ᠬᠦᠴᠦᠷᠬᠡᠭ ᠤᠯᠤᠰ ᠤᠨ ᠠᠯᠤᠰ ᠤᠨ ᠬᠠᠷᠠᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠲᠠᠢ ᠨᠢᠭᠡᠳᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠳᠤ ᠬᠢ ᠬᠤᠯᠪᠣᠭᠳᠠᠯ ᠪᠦᠬᠦᠢ ᠬᠠᠤᠯᠢᠵᠢᠯ ᠤᠨ ᠪᠠᠶᠢᠭᠤᠯᠤᠯᠲᠠ ᠪᠣᠯᠣᠨ ᠰᠣᠶᠣᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠲᠠᠢ ᠤᠶᠠᠯᠳᠣᠭᠤᠯᠪᠠ  ᠃      ᠬᠤᠶᠠᠷ ᠲᠤ᠂   ︽ᠰᠢᠨ᠎ᠡ ᠴᠠᠭ ᠦᠶ᠎ᠡ ᠶᠢᠨ ᠰᠣᠶᠣᠯ ᠵᠢᠭᠤᠯᠴᠢᠯᠠᠯ ᠤᠨ ᠬᠠᠤᠯᠢ ᠬᠡᠷᠡᠭᠵᠢᠭᠦᠯᠬᠦ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ︾ ᠭᠡᠬᠦ ᠬᠠᠤᠯᠢᠵᠢᠯ ᠤᠨ ᠲᠤᠰᠬᠠᠢ ᠰᠡᠳᠦᠪᠲᠦ ᠲᠠᠶᠢᠯᠤᠮᠵᠢ ᠶᠢ ᠦᠷᠨᠢᠭᠦᠯᠪᠡ ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠰᠠᠶᠢᠲᠤᠷ ᠠᠳᠬᠤᠵᠤ᠂ ᠤᠳᠤᠷᠢᠳᠬᠤ ᠺᠠᠳ᠋ᠷᠴᠤᠳ ᠤᠨ ᠲᠦᠷᠦᠭᠦᠯᠡᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ᠂ ᠲᠢᠩᠬᠢᠮ ᠤᠨ ᠬᠠᠤᠯᠢ ᠪᠠᠷ ᠣᠷᠣᠨ ᠢᠶᠠᠨ ᠵᠠᠰᠠᠬᠤ ᠪᠠ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠴᠢᠬᠤᠯᠠ ᠰᠤᠷᠤᠯᠴᠠᠬᠤ ᠠᠭᠤᠯᠭ᠎ᠠ  ᠪᠤᠯᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠬᠠᠤᠯᠢ ᠶᠢᠨ ᠤᠬᠠᠭᠠᠨ ᠤ ᠵᠢᠭᠠᠨ ᠰᠤᠳᠤᠯᠬᠤ ᠬᠡᠯᠲᠡᠰ ᠤᠨ ᠮᠠᠤ ᠶᠤᠸᠠᠨ ᠫᠷᠤᠹᠧᠰᠰᠤᠷ ᠢ ᠤᠷᠢᠵᠤ ︽ᠥᠪᠡᠷᠲᠡᠭᠡᠨ ᠵᠠᠰᠠᠬᠤ ᠣᠷᠣᠨ ᠤ  ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ  ︾ ᠲᠤᠰᠬᠠᠢ ᠰᠡᠲᠦᠪᠲᠤ ᠲᠠᠶᠢᠯᠤᠮᠵᠢ ᠬᠢᠪᠡ  ᠃      ᠭᠤᠷᠪᠠ ᠳᠤ᠂ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂  ᠺᠠᠳ᠋ᠷᠴᠤᠳ‌‍ᠤᠨ ᠬᠠᠤᠯᠢᠵᠢᠯ ᠤᠨ ᠬᠡᠪ ᠪᠣᠯᠪᠠᠰᠤᠷᠠᠯ ᠬᠠᠤᠯᠢᠵᠢᠯ ᠤᠨ ᠴᠢᠳᠠᠪᠤᠷᠢ ᠶᠢ ᠲᠡᠭᠡᠭᠰᠢᠯᠡᠭᠦᠯᠪᠡ᠃ ᠰᠢ ᠶᠢᠨ ᠫᠢᠩ   ᠤᠨ  ᠬᠠᠤᠯᠢᠵᠢᠯ ᠤᠨ ᠦᠵᠡᠯ ᠰᠠᠨᠠᠭ᠎ᠠ ᠶᠢ ᠥᠪᠡᠷᠲᠡᠭᠡᠨ ᠵᠠᠰᠠᠬᠤ ᠣᠷᠣᠨ‌‍ᠤ ᠰᠣᠶᠣᠯ ᠵᠢᠭᠤᠯᠴᠢᠯᠠᠯ   ᠤᠨ ᠰᠢᠰᠲ᠋ᠧᠮ ᠤᠨ ᠬᠥᠮᠦᠵᠢᠯ ᠪᠣᠯᠪᠠᠰᠤᠷᠠᠭᠤᠯᠤᠯ   ᠤᠨ ᠴᠢᠬᠤᠯᠠ ᠠᠭᠤᠯᠭ᠎ᠠ ᠪᠣᠯᠭᠠᠵᠤ᠂ ᠲᠢᠩᠬᠢᠮ ᠤᠨ ᠪᠠᠶᠢᠭᠤᠯᠭ᠎ᠠ ᠭᠠᠵᠠᠷ ᠭᠡᠷ᠂ ᠰᠢᠭᠤᠳ ᠬᠠᠷᠢᠶ᠎ᠠ  ᠨᠢᠭᠡᠴᠢ ᠳᠤ ︽ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠶᠢ ᠨᠢᠭᠡᠳᠦᠯᠲᠡᠢ ᠲᠣᠬᠢᠷᠠᠭᠤᠯᠤᠨ ᠥᠭᠴᠦ᠂ ᠨᠠᠮ ‍ᠤᠨ‌ᠡᠭᠦᠷ‌‍ᠤᠨ ᠲᠥᠪᠯᠡᠷᠡᠭᠦᠯᠦᠨ ᠰᠤᠷᠤᠯᠴᠠᠬᠤ ᠳᠤ ᠤᠷᠤᠭᠤᠯᠪᠠ᠃ᠳᠡᠳ᠋ ᠭᠠᠵᠠᠷ ᠤᠨ ᠲᠠᠰ   ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠤᠨ ᠪᠥᠬᠦ ᠠᠵᠢᠯᠲᠠᠨ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠺᠠᠳ᠋ᠷᠴᠤᠳ ᠤᠨ ᠪᠣᠯᠪᠠᠰᠤᠷᠠᠭᠤᠯᠤᠯ ᠤᠨ ᠰᠦᠯᠵᠢᠶᠡᠨ ᠤ ᠳᠡᠭᠡᠳᠦ ᠰᠤᠷᠭᠠᠭᠤᠯᠢ ᠶᠢᠨ ︽ᠬᠠᠤᠯᠢ ᠪᠠᠷ ᠵᠠᠰᠠᠬᠤ ᠥᠪᠥᠷ ᠮᠣᠩᠭᠤᠯ︾ ᠤᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ ᠣᠷᠣᠯᠴᠠᠭᠤᠯᠵᠤ᠂ ᠰᠢᠨ᠎ᠡ ᠪᠠᠷ ᠳᠡᠪᠰᠢᠭᠦᠯᠦᠭᠰᠡᠨ ᠺᠠᠳ᠋ᠷ ᠪᠠ ᠰᠢᠨ᠎ᠡ ᠪᠠᠷ ᠠᠵᠢᠯ ᠳᠤ ᠣᠷᠣᠭᠰᠠᠨ ᠠᠯᠪᠠᠲᠠᠨ ᠳᠤ ᠬᠠᠤᠯᠢ ᠪᠠᠷ ᠵᠠᠰᠠᠬᠤ ᠰᠤᠷᠤᠯᠴᠠᠯᠭ᠎ᠠ ᠪᠣᠯᠪᠠᠰᠤᠷᠠᠭᠤᠯᠤᠯ ᠪᠠ ᠰᠢᠯᠭᠠᠯᠲᠠ ᠬᠢᠪᠡ᠃ ᠬᠠᠤᠯᠢᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠭᠠᠵᠠᠷ ᠲᠠᠰᠤᠭ ᠤᠨ ᠬᠠᠷᠢᠭᠤᠴᠠᠯᠭᠠᠲᠠᠨ ᠵᠡᠷᠭᠡ  ᠠᠵᠢᠯᠲᠠᠨ ᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠤᠨ ᠲᠢᠩᠬᠢᠮ ᠤᠨ ᠰᠢᠭᠦᠯᠲᠡ ᠶᠢᠨ ᠰᠤᠯᠠ ᠰᠣᠨᠣᠰᠬᠤ ᠠᠵᠢᠯᠯᠠᠭ᠎ᠠ ᠳᠤ ᠣᠷᠣᠯᠴᠠᠭᠤᠯᠪᠠ᠃      ︵ᠬᠤᠶᠠᠷ︶ ᠬᠠᠤᠯᠢ ᠪᠠᠷ ᠵᠠᠰᠠᠬᠤ ᠪᠠᠶᠢᠭᠤᠯᠤᠯᠲᠠ ᠳᠤ ᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠦᠨᠡᠨ ᠬᠦ ᠬᠦᠢᠴᠡᠳᠭᠡᠪᠡ      ᠨᠢᠭᠡ ᠳᠤ᠂ ᠭᠤᠣᠯ ᠬᠠᠷᠢᠭᠤᠴᠠᠯᠭᠠᠲᠠᠨ ᠲᠦᠷᠦᠭᠦᠯᠡᠨ ᠤᠯᠠᠮᠵᠢᠯᠠᠨ ᠰᠤᠷᠤᠯᠴᠠᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠵᠡᠷᠭᠡ ᠬᠠᠤᠯᠢ ᠴᠠᠭᠠᠵᠠ  ᠲᠦᠷᠢᠮ ᠲᠣᠭᠲᠠᠭᠠᠯ ᠢ ᠤᠯᠠᠮᠵᠢᠯᠠᠨ ᠰᠤᠷᠤᠯᠴᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠪᠠ᠃ ᠲᠢᠩᠬᠢᠮ ᠤᠨ ᠬᠠᠤᠯᠢ ᠪᠠᠷ ᠣᠷᠣᠨ ᠢᠶᠠᠨ ᠵᠠᠰᠠᠬᠤ ᠪᠠ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠵᠢᠴᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠴᠢᠬᠤᠯᠠ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠪᠠ᠃      ᠬᠤᠶᠠᠷ ᠲᠤ ᠭᠤᠣᠯ ᠬᠠᠷᠢᠭᠤᠴᠠᠯᠭᠠᠲᠠᠨ ᠲᠦᠷᠦᠭᠦᠯᠡᠨ ᠰᠤᠳᠤᠯᠤᠨ ᠪᠠᠶᠢᠷᠢᠯᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠳᠦᠷᠢᠮ ︵ᠬᠦᠷᠭᠡᠨ ᠬᠢᠨᠠᠭᠤᠯᠬᠤ ᠨᠣᠣᠷᠠᠭ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠨᠣᠮ ᠤᠨ ᠰᠠᠩ ᠤᠨ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠬᠤ ᠲᠥᠰᠥᠯ︶ ︵ᠬᠦᠷᠭᠡᠨ ᠬᠢᠨᠠᠭᠤᠯᠬᠤ ᠨᠣᠣᠷᠠᠭ︶︾ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠠᠷᠭᠤ ᠳᠤ ᠬᠤᠯᠪᠣᠭᠳᠠᠬᠤ ᠲᠥᠷᠥᠯ ᠤᠨ ᠠᠵᠢᠯ ᠤᠨ ᠲᠣᠭᠲᠠᠭᠠᠯ︾ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢ ᠰᠤᠳᠤᠯᠤᠨ ᠬᠢᠨᠠᠨ ᠵᠥᠪᠯᠡᠪᠡ᠃ ᠲᠢᠩᠬᠢᠮ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠬᠠᠤᠯᠢ ᠪᠠᠷ ᠣᠷᠣᠨ ᠢᠶᠠᠨ ᠵᠠᠰᠠᠬᠤ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ 2021 ᠣᠨ ᠤ ᠬᠠᠤᠯᠢ ᠪᠠᠷ ᠵᠠᠰᠠᠬᠤ ᠠᠵᠢᠯ ᠤᠨ ᠪᠠᠶᠢᠳᠠᠯ ᠢ ᠰᠣᠨᠣᠰᠴᠤ᠂ 2022 ᠣᠨ ᠤ ᠬᠠᠤᠯᠢ ᠪᠠᠷ ᠵᠠᠰᠠᠬᠤ ᠠᠵᠢᠯ ᠤᠨ ᠭᠤᠣᠯᠳᠠᠯᠭ᠎ᠠ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠰᠥᠯ ᠢ ᠬᠢᠨᠠᠨ ᠶᠠᠷᠢᠯᠴᠠᠵᠤ᠂ ᠬᠠᠤᠯᠢ ᠪᠠᠷ ᠵᠠᠰᠠᠬᠤ ᠠᠵᠢᠯ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠰᠤᠳᠤᠯᠤᠨ ᠪᠠᠶᠢᠷᠢᠯᠠᠭᠤᠯᠪᠠ᠃      ᠭᠤᠷᠪᠠ ᠳᠤ᠂ ᠭᠤᠣᠯ ᠬᠠᠷᠢᠭᠤᠴᠠᠯᠭᠠᠲᠠᠨ ᠲᠦᠷᠦᠭᠦᠯᠡᠨ ᠱᠠᠯᠠᠪᠳᠠᠭᠤᠯᠤᠨ ᠭᠦᠢᠴᠡᠳᠬᠡᠯᠭᠡᠵᠦ ᠨᠠᠶᠢᠳᠠᠪᠤᠷᠢᠵᠢᠭᠤᠯᠪᠠ᠃ ᠲᠢᠩᠬᠢᠮ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠬᠠᠤᠯᠢ ᠶᠤᠰᠤ ᠪᠠᠷ ᠣᠷᠣᠨ ᠢᠶᠠᠨ ᠵᠠᠰᠠᠬᠤ ᠪᠠ ᠬᠠᠤᠯᠢ ᠲᠦᠭᠡᠮᠡᠯᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠲᠣᠰ ᠵᠢᠯ ᠤᠨ ᠬᠠᠤᠯᠢ ᠲᠣᠭᠲᠠᠭᠠᠬᠤ ᠠᠵᠢᠯ ᠤᠨ ᠠᠬᠢᠴᠠ ᠶᠢᠨ ᠪᠠᠶᠢᠳᠠᠯ ᠢ ᠲᠤᠰᠬᠠᠶᠢᠯᠠᠨ ᠰᠣᠨᠣᠰᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠨᠣᠮ ᠤᠨ ᠰᠠᠩ ᠤᠨ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ︶ ︾ ᠤᠨ ᠬᠠᠤᠯᠢ ᠲᠣᠭᠲᠠᠭᠠᠬᠤ ᠶᠢ ᠠᠬᠢᠭᠤᠯᠬᠤ ᠠᠵᠢᠯ ᠢ ᠰᠤᠳᠤᠯᠤᠨ ᠰᠢᠮᠳᠠᠭᠤᠯᠤᠨ ᠭᠦᠢᠴᠡᠳᠭᠡᠪᠡ  ᠃  ︵ᠭᠤᠷᠪᠠ︶ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠬᠠᠤᠯᠢ ᠶᠣᠰᠣᠭᠠᠷ ᠣᠷᠣᠨ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠠᠲᠤᠳᠬᠠᠪᠠ᠃      ᠨᠢᠭᠡ ᠳᠤ᠂ ᠲᠥᠪ ᠤᠨ ︽ᠨᠢᠭᠡ ᠲᠥᠯᠦᠪᠵᠢᠭᠦᠯᠭᠡ᠂ ᠬᠤᠶᠠᠷ ᠬᠥᠲᠥᠯᠪᠦᠷᠢ︾ ᠪᠣᠯᠣᠨ ᠥᠪᠡᠷᠲᠡᠭᠡᠨ ᠵᠠᠰᠠᠬᠤ ᠣᠷᠣᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠰᠥᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ 2022 ᠣᠨ ᠤ ᠬᠠᠤᠯᠢᠵᠢᠯ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠲᠢᠩᠬᠢᠮ ᠤᠨ ᠬᠠᠤᠯᠢ ᠶᠣᠰᠣᠭᠠᠷ ᠣᠷᠣᠨ ᠢᠶᠠᠨ ᠵᠠᠰᠠᠬᠤ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠪᠥᠬᠦ ᠵᠢᠯ ᠤᠨ ᠬᠠᠤᠯᠢ ᠪᠠᠷ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠰᠦᠪᠡᠭᠴᠢᠯᠡᠨ ᠪᠠᠶᠢᠷᠢᠯᠠᠭᠤᠯᠵᠤ᠂ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ  ᠬᠢ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2022 ᠣᠨ ᠤ ᠬᠠᠤᠯᠢ ᠪᠠᠷ ᠵᠠᠰᠠᠬᠤ ᠠᠵᠢᠯ ᠤᠨ ᠭᠤᠣᠯᠳᠠᠯᠭ᠎ᠠ︾ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠭᠦᠷᠭᠡ ᠶᠢᠨ ᠬᠤᠪᠢᠶᠠᠷᠢᠯᠠᠯ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠢ ᠠᠬᠢᠭᠤᠯᠪᠠ᠃      ᠬᠤᠶᠠᠷ ᠲᠤ᠂ ᠬᠠᠤᠯᠢ ᠲᠣᠭᠲᠠᠭᠠᠬᠤ ᠠᠵᠢᠯ ᠴᠢᠬᠤᠯᠠ ᠦᠷ᠎ᠡ ᠪᠦᠲᠦᠭᠡᠯ ᠣᠯᠪᠠ᠃ 2022 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠠᠤᠯᠢ ᠴᠠᠭᠠᠵᠠ ᠶᠢᠨ ᠲᠢᠩᠬᠢᠮ ᠤᠨ ᠬᠦᠴᠦᠲᠡᠢ ᠳᠡᠮᠵᠢᠯᠭᠡ ᠳᠣᠣᠷ᠎ᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠨᠣᠮ ᠤᠨ ᠰᠠᠩ ᠤᠨ ᠬᠠᠮᠢᠶᠠᠷᠤᠯᠲᠠ ᠶᠢᠨ ᠳᠦᠷᠢᠮ︾ ᠢ 2022 ᠣᠨ ᠤ 7 ᠳ᠋ᠤᠭᠠᠷ ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠵᠢᠷᠭᠤᠳᠤᠭᠠᠷ ᠬᠤᠷᠠᠯᠳᠤᠭᠠᠨ ᠠᠴᠠ ᠪᠠᠲᠤᠯᠠᠵᠤ᠂ 2022 ᠣᠨ ᠤ 9 ᠳ᠋ᠣᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ ᠳᠦᠷᠢᠮ︾ ᠢ 2022 ᠣᠨ ᠤ 11 ᠳ᠋ᠣᠭᠡᠷ ᠰᠠᠷ᠎ᠠ ᠶᠢᠨ 23 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠨᠠᠢᠮᠠᠳᠤᠭᠠᠷ ᠬᠤᠷᠠᠯᠳᠤᠭᠠᠨ ᠠᠴᠠ ᠪᠠᠲᠤᠯᠠᠵᠤ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠤᠯᠵᠤ᠂ ᠰᠣᠶᠣᠯ ᠵᠢᠭᠤᠯᠴᠢᠯᠠᠯ ᠤᠨ ᠬᠦᠷᠢᠶᠡᠨ ᠳᠤ ᠬᠢ ᠬᠠᠤᠯᠢ ᠲᠣᠭᠲᠠᠭᠠᠬᠤ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠪᠠ᠃      ᠭᠤᠷᠪᠠ ᠳᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠪᠠᠬᠢᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ ᠤᠨ ᠰᠢᠰᠲ᠋ᠧᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠢᠴᠢ ᠨᠠᠮ ᠤᠨ ᠠᠵᠢᠯ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠲᠥᠪ ᠤᠨ ᠨᠠᠮ ᠤᠨ ᠰᠤᠷᠭᠠᠭᠤᠯᠢ ᠪᠣᠯᠣᠨ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠢ ᠤᠷᠢᠵᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠤ ᠲᠠᠶᠢᠯᠤᠮᠵᠢ ᠬᠢᠯᠭᠡᠵᠦ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠲᠤᠬᠠᠢ ᠲᠠᠨᠢᠯᠲᠠ ᠪᠣᠯᠣᠨ ᠲᠤᠭᠤᠰᠢᠯᠠᠭᠤᠯᠬᠤ ᠴᠢᠳᠠᠪᠤᠷᠢ ᠶᠢ ᠳᠡᠭᠡᠭᠰᠢᠯᠡᠭᠦᠯᠪᠡ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ︽ᠰᠢᠨ᠎ᠡ ᠪᠠᠶᠢᠳᠠᠯ ᠤᠨ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠬᠤ 27 ᠵᠦᠢᠯ ᠤᠨ ᠬᠠᠷᠢᠭᠤᠴᠠᠯᠭ᠎ᠠ ᠶᠢᠨ ᠵᠤᠷᠪᠤᠰ ᠢ ᠲᠣᠭᠲᠠᠭᠠᠪᠠ᠃      ᠳᠥᠷᠪᠡ ᠳᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠬᠢᠨᠠᠮᠠᠭᠠᠢ ᠨᠠᠶᠢᠳᠠᠪᠦᠷᠢᠵᠢᠭᠤᠯᠪᠠ᠃ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠲᠤᠰᠬᠠᠢ ᠬᠠᠤᠯᠢᠴᠢ ᠶᠢ ᠤᠷᠢᠵᠤ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠢ ᠡᠭᠦᠷᠭᠡᠯᠡᠭᠦᠯᠵᠦ᠂ 2022 ᠣᠨ ᠳᠤ ᠬᠠᠤᠯᠢ ᠴᠠᠭᠠᠵᠠ ᠶᠢᠨ ᠵᠥᠪᠯᠡᠭᠴᠢ ᠠᠴᠠ ᠨᠡᠶᠢᠳᠡ 254 ᠬᠤᠪᠢ ᠭᠡᠷ᠎ᠡ ᠶᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠰᠠᠨᠠᠯ ᠭᠠᠷᠭᠠᠪᠠ︔ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ ᠳᠦᠷᠢᠮ ᠤᠨ ᠲᠥᠷᠥᠯ ᠤᠨ ᠪᠢᠴᠢᠭ ᠮᠠᠲ᠋ᠧᠷᠢᠶᠠᠯ ᠵᠢᠴᠢ ᠰᠢᠢᠳᠪᠦᠷᠢᠲᠦ ᠪᠣᠳᠣᠯᠭ᠎ᠠ ᠶᠢᠨ ᠲᠥᠷᠥᠯ ᠤᠨ ᠪᠢᠴᠢᠭ ᠮᠠᠲ᠋ᠧᠷᠢᠶᠠᠯ ᠤᠨ 20 ᠰᠢᠬᠠᠮ ᠬᠤᠪᠢ ᠪᠢᠴᠢᠭ ᠮᠠᠲ᠋ᠧᠷᠢᠶᠠᠯ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ ᠭᠠᠷᠭᠠᠪᠠ︔ ᠡᠭᠦᠨ ᠤ ᠵᠡᠷᠭᠡᠴᠡᠭᠡ  ᠪᠠᠷ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ ᠶᠢᠨ ᠵᠢᠭᠤᠷᠠᠯᠳᠤᠭᠠᠨ ᠪᠠ ᠵᠠᠷᠭᠤ ᠶᠢᠨ ᠬᠡᠷᠡᠭ ᠢ ᠰᠢᠢᠳᠪᠦᠷᠢᠯᠡᠬᠦ ᠳᠤ ᠢᠳᠡᠪᠬᠢᠲᠡᠢ ᠣᠷᠣᠯᠴᠠᠪᠠ᠃      ᠲᠠᠪᠤ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠥᠬᠦ ᠣᠷᠣᠨ ᠤ 12 ᠠᠶᠢᠮᠠᠭ ᠬᠤᠲᠠ ︵ᠮᠠᠨᠵᠤᠤᠷ᠂ ᠡᠷᠢᠶᠡᠨ ᠬᠤᠲᠠ ᠪᠠᠭᠲᠠᠨ᠎ᠠ︶ ᠳᠤ ᠴᠥᠮ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠪᠠᠶᠢᠭᠤᠯᠵᠤ᠂ ᠰᠣᠶᠣᠯ᠂ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ ᠵᠦᠢᠯ᠂ ᠪᠡᠶ᠎ᠡ ᠶᠢᠨ ᠲᠠᠮᠢᠷ᠂ ᠷᠠᠳᠢᠣ᠋ ᠺᠢᠨᠣ᠋ ᠲᠧᠯᠸᠢᠰ᠂ ᠰᠣᠨᠢᠨ ᠮᠡᠳᠡᠭᠡ ᠬᠡᠪᠯᠡᠯ ᠵᠡᠷᠭᠡ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠨᠢᠭᠡᠳᠦᠯᠲᠡᠢ ᠬᠡᠷᠡᠭᠵᠢᠭᠦᠯᠦᠨ᠂ ᠠᠵᠢᠯᠲᠠᠨ ᠤ ᠣᠷᠣᠨ ᠲᠤᠭ᠎ᠠ ᠶᠢ ᠨᠠᠶᠢᠳᠠᠪᠤᠷᠢᠵᠢᠭᠤᠯᠵᠤ᠂ ︽ᠨᠢᠭᠡ ᠬᠤᠲᠠ ᠳᠤ ᠨᠢᠭᠡ ᠡᠩᠨᠡᠭᠡ ᠲᠠᠢ ᠪᠠᠶᠢᠬᠤ︾ ᠬᠠᠷᠠᠯᠲᠠ ᠶᠢ ᠪᠡᠶᠡᠯᠡᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠢᠯᠤᠭᠤᠳᠬᠤ ᠭᠠᠷᠴᠠᠭ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ 225 ᠲᠣᠭᠲᠠᠭᠠᠪᠠ᠃ ︽ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠰᠢᠯᠭᠠᠨ ᠦᠨᠡᠯᠡᠬᠦ ᠨᠠᠷᠢᠨ ᠳᠦᠷᠢᠮ︾ ᠢ ᠲᠡᠭᠦᠯᠳᠡᠷᠵᠢᠭᠦᠯᠵᠦ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠰᠢᠯᠭᠠᠨ ᠬᠢᠨᠠᠬᠤ ᠡᠭᠦᠷᠭᠡ ᠳᠤ ᠣᠷᠣᠭᠤᠯᠪᠠ᠃ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠵᠢᠷᠤᠮᠵᠢᠭᠤᠯᠵᠤ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠣᠭᠲᠠᠭᠤᠨ ᠲᠥᠪ ᠭᠤᠣᠯᠴᠢ ᠢᠯᠡ ᠲᠣᠳᠣ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠤᠯᠭᠠᠪᠠ᠃ ᠪᠥᠬᠦ ᠵᠢᠯ ᠳᠤ ᠪᠥᠬᠦ ᠣᠷᠣᠨ ᠳᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 42.77 ᠲᠦᠮᠡᠨ ᠬᠥᠮᠥᠨ ᠤᠳᠠᠭ᠎ᠠ ᠬᠥᠳᠡᠯᠭᠡᠵᠦ᠂ ᠡᠵᠡᠩᠨᠡᠯᠲᠡ ᠶᠢᠨ ᠨᠢᠭᠡᠴᠢ ᠶᠢ 15.06 ᠲᠦᠮᠡᠨ ᠡᠷᠦᠬᠡ ᠤᠳᠠᠭ᠎ᠠ ᠪᠠᠶᠢᠴᠠᠭᠠᠵᠤ᠂ 1526 ᠬᠡᠷᠡᠭ ᠢ ᠲᠤᠬᠠᠢ ᠶᠢᠨ ᠲᠠᠯᠠᠪᠤᠷ ᠲᠤ ᠨᠢ ᠰᠢᠢᠳᠭᠡᠨ ᠲᠣᠷᠭᠠᠵᠤ᠂ 509 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃ ᠢᠯᠡᠴᠢᠯᠡᠨ ᠮᠡᠳᠡᠭᠦᠯᠦᠭᠰᠡᠨ 89 ᠬᠡᠷᠡᠭ ᠢ ᠰᠢᠢᠳᠪᠦᠷᠢᠯᠡᠨ ᠳᠠᠭᠤᠰᠬᠠᠵᠤ᠂ 2 ᠬᠡᠷᠡᠭ ᠢ ᠶᠠᠭ ᠰᠢᠢᠳᠪᠦᠷᠢᠯᠡᠵᠦ ᠪᠠᠶᠢᠨ᠎ᠠ᠂ 1751 ᠤᠳᠠᠭ᠎ᠠ ᠳᠣᠩᠭᠤᠳᠴᠤ᠂ 506 ᠤᠳᠠᠭ᠎ᠠ ᠶᠢ ᠵᠠᠷᠯᠢᠭᠳᠠᠨ ᠵᠠᠯᠠᠷᠠᠭᠤᠯᠵᠤ᠂ 37 ᠤᠳᠠᠭ᠎ᠠ ᠶᠢ ᠵᠠᠷᠯᠢᠭᠳᠠᠨ ᠵᠣᠭᠰᠣᠭᠠᠨ ᠴᠡᠭᠴᠡᠯᠡᠵᠦ᠂ 11 ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ 12 ᠨᠢᠭᠡᠴᠢ ᠶᠢ ᠬᠦᠴᠦᠨ ᠦᠭᠡᠢ ᠪᠣᠯᠭᠠᠵᠤ᠂ 377 ᠬᠡᠷᠡᠭ ᠢ ᠵᠣᠭᠤᠰ ᠢᠶᠠᠷ ᠲᠣᠷᠭᠠᠵᠤ᠂ ᠲᠤᠷᠭᠠᠭᠰᠠᠨ ᠵᠤᠭᠤᠰ  ᠤᠨ ᠲᠤᠭ᠎ᠠ 294.98 ᠲᠦᠮᠡᠨ ᠲᠥᠭᠦᠷᠢᠭ ᠲᠤ ᠬᠦᠷᠴᠦ᠂ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 99.75% ᠳᠤ ᠬᠥᠷᠪᠡ᠃      ᠵᠢᠷᠭᠤᠭ᠎ᠠ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠶᠡᠭᠡ ᠪᠠᠷ ᠲᠦᠯᠬᠢᠨ ᠠᠬᠢᠭᠤᠯᠪᠠ᠃ ︽ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠠᠶᠢᠭᠤᠯᠭ᠎ᠠ ᠶᠢᠨ ︿ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ﹀ ᠳᠥᠷᠪᠡᠨ ᠳᠦᠷᠢᠮ ᠨᠢᠭᠡ ᠶᠢ ᠦᠨᠡᠯᠡᠬᠦ ᠲᠣᠭᠲᠠᠴᠠ ᠶᠢ ᠨᠠᠶᠢᠳᠠᠪᠤᠷᠢᠵᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠴᠢᠩᠭᠠᠳᠬᠠᠪᠠ᠃ ︽ᠬᠠᠤᠯᠢ ᠪᠠᠷ ᠵᠠᠰᠠᠬᠤ ᠤᠯᠠᠭᠠᠨᠮᠥ᠋ᠴᠢᠷ︾ ᠤᠨ ᠬᠠᠤᠯᠢ ᠲᠦᠭᠡᠮᠡᠯᠵᠢᠭᠦᠯᠬᠦ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠢ ᠪᠠᠷ ᠪᠣᠶ ᠪᠣᠯᠭᠠᠵᠤ᠂ ᠪᠥᠬᠦ ᠣᠷᠣᠨ ᠤ ᠦᠨᠳᠦᠰᠦᠨ ᠱᠠᠲᠤᠨ ᠤ ᠤᠯᠠᠭᠠᠨᠮᠥ᠋ᠴᠢᠷ ᠢ ᠵᠣᠬᠢᠶᠠᠨ ᠪᠠᠶᠢᠭᠤᠯᠤᠨ ᠨᠡᠶᠢᠲᠡ 50 ᠭᠠᠷᠤᠢ ᠬᠠᠤᠯᠢ ᠪᠠᠷ ᠵᠠᠰᠠᠬᠤ ᠤᠷᠠᠨ ᠰᠠᠶᠢᠬᠠᠨ ᠤ ᠪᠦᠲᠦᠭᠡᠯ ᠢ ᠵᠣᠬᠢᠶᠠᠨ ᠪᠦᠲᠦᠭᠡᠵᠦ᠂ ᠡᠯ᠎ᠡ ᠭᠠᠵᠠᠷ ᠤᠨ ᠤᠯᠠᠭᠠᠨᠮᠥ᠋ᠴᠢᠷ ᠤᠳ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠤᠷᠠᠨ ᠰᠠᠶᠢᠬᠠᠨ ᠤ ᠲᠣᠭᠯᠠᠯᠲᠠ ᠶᠢ 100 ᠭᠠᠷᠤᠢ ᠤᠳᠠᠭ᠎ᠠ ᠥᠷᠨᠢᠭᠦᠯᠪᠡ᠃ 2022 ᠣᠨ ᠤ ︽12 · 4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠣᠷᠣᠨ ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠨ ᠬᠠᠤᠯᠢ ᠵᠢᠴᠢ ᠡᠯ᠎ᠡ ᠬᠦᠷᠢᠶᠡᠨ ᠤ ᠴᠢᠬᠤᠯᠠ ᠬᠠᠤᠯᠢ ᠴᠠᠭᠠᠵᠠ ᠬᠠᠤᠯᠢ ᠲᠣᠭᠲᠠᠭᠠᠯ᠂ ᠢᠯᠠᠩᠭᠤᠶ᠎ᠠ ᠰᠣᠶᠣᠯ ᠵᠢᠭᠤᠯᠴᠢᠯᠠᠯ ᠤᠨ ᠬᠦᠷᠢᠶᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠰᠤᠷᠤᠯᠴᠠᠪᠠ᠃ ᠮᠦᠽᠧᠢ᠂ ᠤᠯᠠᠨ ᠨᠡᠶᠢᠲᠡ ᠶᠢᠨ ᠨᠣᠮ ᠤᠨ ᠰᠠᠩ ᠵᠡᠷᠭᠡ ᠰᠣᠶᠣᠯ ᠪᠠ ᠵᠢᠭᠤᠯᠴᠢᠯᠠᠯ ᠤᠨ ᠲᠠᠯᠠᠪᠤᠷ ᠭᠠᠵᠠᠷ ᠤᠨ ᠴᠢᠳᠠᠮᠵᠢ ᠶᠢ ᠪᠠᠳᠠᠷᠠᠭᠤᠯᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠤᠷᠤᠯᠴᠠᠯᠭ᠎ᠠ ᠤᠬᠠᠭᠤᠯᠭ᠎ᠠ ᠶᠢ ᠤᠯᠠᠨ ᠲᠦᠮᠡᠨ ᠤ ᠰᠣᠶᠣᠯ ᠪᠠ ᠵᠢᠭᠤᠯᠴᠢᠯᠠᠯ ᠤᠨ ᠠᠵᠢᠯᠯᠠᠭ᠎ᠠ ᠳᠤ ᠠᠭᠤᠰᠬᠠᠨ ᠣᠷᠤᠭᠤᠯᠪᠠ᠃      ᠲᠤᠯᠤᠭ᠎ᠠ ᠳᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠴᠠᠭᠠᠵᠠ ᠶᠢᠨ ᠪᠣᠷᠣ ᠲᠥᠯᠥᠪ ᠤᠨ ᠳᠣᠣᠷ᠎ᠠ ᠡᠷᠬᠡ ᠶᠢ ᠡᠮᠬᠢᠯᠡᠨ ᠳᠢᠭᠯᠡᠬᠦ ᠪᠠ ︽ᠨᠢᠭᠡ ᠶᠢ ᠴᠢᠯᠦᠭᠡᠲᠡᠢ ᠲᠠᠯᠪᠢᠵᠤ ᠭᠤᠷᠪᠠ ᠶᠢ ᠪᠠᠭᠠᠰᠬᠠᠬᠤ︾ ᠠᠵᠢᠯᠯᠠᠭ᠎ᠠ ᠶᠢ ᠥᠷᠨᠢᠭᠦᠯᠵᠦ᠂ ᠭᠠᠳᠠᠨᠠᠬᠢ ᠵᠦᠢᠯᠡᠰ ᠢ ᠰᠢᠯᠢᠳᠡᠭᠵᠢᠭᠦᠯᠦᠨ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠶᠢ 100% ᠳᠤ ᠬᠦᠷᠦᠭᠦᠯᠪᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠭᠤᠮᠣᠳᠠᠯ ᠱᠠᠭᠠᠷᠳᠠᠯᠭ᠎ᠠ ᠶᠢᠨ ᠠᠰᠠᠭᠤᠳᠠᠯ ᠳᠤ ᠴᠢᠭᠯᠡᠭᠦᠯᠦᠨ᠂ ᠨᠢᠭᠡ ᠠᠴᠠ ᠵᠦᠢᠴᠢᠯᠡᠵᠦ ᠭᠤᠷᠪᠠ ᠶᠢ ᠥᠪᠡᠷ ᠢᠶᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠵᠦᠢᠯᠡᠰ ᠲᠤ ᠴᠢᠭᠯᠡᠭᠦᠯᠦᠨ᠂ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ ᠪᠠ ᠬᠠᠨᠤᠮᠵᠢ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠨᠠᠢᠮᠠ ᠳᠤ᠂ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠢᠳᠡᠪᠬᠢᠲᠡᠢ ᠨᠠᠶᠢᠳᠠᠪᠦᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠶᠣᠰᠣᠭᠠᠷ ᠣᠷᠣᠨ ᠢᠶᠠᠨ ᠵᠠᠰᠠᠬᠤ ᠠᠯᠪᠠᠨ ᠭᠡᠷ ᠤᠨ ︽ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠵᠢᠴᠢ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠲᠤᠰᠬᠠᠢ ᠵᠦᠢᠯ ᠤᠨ ᠰᠢᠪᠠᠳᠠᠨ ᠪᠠᠶᠢᠴᠠᠭᠠᠯᠲᠠ ᠶᠢᠨ ᠲᠤᠬᠠᠢ ᠬᠠᠷᠢᠭᠤ ᠲᠤᠰᠬᠠᠭᠰᠠᠨ ᠰᠠᠨᠠᠯ︾ ᠤᠨ ᠱᠠᠭᠠᠷᠳᠠᠯᠭ᠎ᠠ ᠶᠣᠰᠣᠭᠠᠷ᠂ 3 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠳᠤ ᠴᠢᠭᠯᠡᠭᠦᠯᠦᠨ᠂ ᠮᠠᠨ ᠤ ᠲᠢᠩᠬᠢᠮ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ 9 ᠲᠠᠯ᠎ᠠ ᠶᠢᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠡᠭᠦᠷᠭᠡ ᠶᠢᠨ ᠬᠤᠪᠢᠶᠠᠷᠢᠯᠠᠯ ᠪᠠ ᠠᠬᠢᠴᠠ ᠶᠢᠨ ᠲᠣᠬᠢᠷᠠᠭᠤᠯᠤᠯᠲᠠ ᠶᠢ ᠬᠢᠵᠦ᠂ ᠬᠠᠷᠢᠭᠤᠴᠠᠯᠭ᠎ᠠ ᠶᠢᠨ ᠭᠠᠵᠠᠷ ᠲᠠᠰᠤᠭ ᠢ ᠲᠣᠳᠣᠷᠬᠠᠶᠢᠯᠠᠨ᠂ ᠰᠠᠷ᠎ᠠ ᠪᠠᠷ ᠲᠣᠬᠢᠷᠠᠭᠤᠯᠵᠤ᠂ ᠪᠥᠬᠦ ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠪᠠ᠃ ᠣᠳᠣᠬᠠᠨ ᠳᠤ ᠨᠢᠭᠡᠨᠲᠡ ᠴᠡᠭᠴᠡᠯᠡᠨ ᠥᠭᠡᠷᠡᠴᠢᠯᠡᠵᠦ ᠳᠠᠭᠤᠰᠬᠠᠪᠠ᠃ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2022 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ︵ᠭᠤᠷᠪᠠ︶      ᠬᠤᠶᠠᠷ᠂ ᠣᠷᠣᠰᠢᠵᠤ ᠪᠠᠶᠢᠭ᠎ᠠ ᠠᠰᠠᠭᠤᠳᠠᠯ      2022 ᠣᠨ ᠳᠤ᠂ ᠮᠠᠨ ᠤ ᠲᠢᠩᠬᠢᠮ ᠤᠨ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠬᠡᠳᠦᠶᠢᠪᠡᠷ ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ᠂ ᠠᠷᠠᠳ ᠤᠯᠠᠨ ᠤ ᠬᠦᠰᠡᠯ ᠡᠷᠡᠮᠡᠯᠵᠡᠯ ᠲᠠᠢ ᠪᠠᠰᠠ ᠮᠠᠰᠢ ᠶᠡᠭᠡ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠶᠢᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠲᠠᠰᠤᠷᠠᠯᠳᠡ ᠦᠭᠡᠢ ᠰᠠᠶᠢᠵᠢᠷᠠᠭᠤᠯᠤᠨ ᠲᠡᠭᠦᠯᠳᠡᠷᠵᠢᠭᠦᠯᠬᠦ  ᠴᠢᠬᠤᠯᠠ ᠲᠠᠢ ᠪᠠᠶᠢᠨ᠎ᠠ᠃      ᠨᠢᠭᠡ ᠳᠤ᠂ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠ ᠲᠠᠢ᠂ ᠬᠠᠤᠯᠢ ᠪᠠᠷ ᠵᠠᠰᠠᠬᠤ ᠠᠵᠢᠯ ᠪᠣᠯᠣᠨ ᠲᠤᠬᠠᠶᠢᠯᠠᠭᠰᠠᠨ ᠠᠵᠢᠯ ᠤᠨ ᠵᠣᠬᠢᠴᠠᠯᠳᠤᠨ ᠬᠥᠭᠵᠢᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ  ᠴᠢᠬᠤᠯᠠ ᠲᠠᠢ᠃ ᠣᠳᠣᠬᠠᠨ ᠳᠤ᠂ ᠣᠷᠣᠨ ᠤ ᠰᠢᠭᠤᠳ ᠬᠠᠷᠢᠶ᠎ᠠ ᠰᠣᠶᠣᠯ  ᠵᠢᠭᠤᠯᠴᠢᠯᠠᠯ  ᠤᠨ ᠰᠢᠰᠲ᠋ᠧᠮ ᠤᠨ ᠤᠳᠤᠷᠢᠳᠬᠤ ᠪᠠᠭ᠂ ᠡᠯ᠎ᠡ ᠭᠠᠵᠠᠷ ᠭᠡᠷ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠤᠯᠢ ᠶᠣᠰᠣᠭᠠᠷ ᠵᠠᠰᠠᠬᠤ ᠣᠶᠢᠯᠠᠭᠠᠭᠳᠠᠬᠤᠨ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠂ ᠭᠡᠪᠡᠴᠦ ᠡᠳᠦᠷ ᠲᠤᠲᠤᠮ ᠤᠨ ᠠᠵᠢᠯ ᠤᠨ ᠳᠤᠮᠳᠠ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠪᠠ ᠪᠣᠳᠠᠲᠠᠢ ᠲᠤᠬᠠᠶᠢᠯᠠᠭᠰᠠᠨ ᠠᠵᠢᠯ ᠢ ᠬᠡᠷᠬᠢᠨ ᠬᠠᠮᠵᠢᠯᠴᠠᠨ ᠠᠬᠢᠭᠤᠯᠵᠤ᠂ ᠦᠨᠡᠨ ᠬᠦ ᠬᠠᠤᠯᠢ ᠶᠢ ᠣᠶᠢᠯᠠᠭᠠᠵᠤ ᠬᠠᠤᠯᠢ ᠶᠢ ᠬᠦᠨᠳᠦᠳᠬᠡᠨ ᠬᠠᠤᠯᠢ ᠶᠢ ᠬᠡᠷᠡᠭᠯᠡᠬᠦ ᠶᠢ ᠪᠡᠶᠡᠯᠡᠭᠦᠯᠬᠦ ᠳᠤ ᠪᠠᠰᠠ ᠵᠣᠬᠢᠬᠤ ᠬᠡᠮᠵᠢᠶᠡᠨ ᠤ ᠳᠡᠭᠡᠭᠰᠢᠯᠡᠭᠦᠯᠬᠦ ᠣᠷᠣᠨ ᠵᠠᠢ ᠲᠠᠢ ᠪᠠᠶᠢᠨ᠎ᠠ᠃ ᠵᠢᠱᠢᠶᠡᠯᠡᠪᠡᠯ᠄ ᠵᠠᠷᠢᠮ ᠰᠢᠭᠤᠳ ᠬᠠᠷᠢᠶ᠎ᠠ ᠨᠢᠭᠡᠴᠢ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠭᠤᠣᠯᠳᠠᠭᠤ ᠬᠠᠤᠯᠢ ᠴᠠᠭᠠᠵᠠ ᠶᠢᠨ ᠤᠬᠠᠭᠤᠯᠭ᠎ᠠ᠂ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠤᠨ ᠰᠤᠷᠤᠯᠴᠠᠯᠭ᠎ᠠ ᠶᠢᠨ ᠬᠡᠯᠪᠡᠷᠢ ᠪᠠᠷ ᠢᠯᠡᠷᠡᠭᠦᠯᠵᠦ᠂ ᠬᠠᠤᠯᠢ ᠪᠠᠷ ᠵᠠᠰᠠᠬᠤ ᠠᠵᠢᠯ ᠤᠨ ᠲᠥᠯᠦᠪᠵᠢᠭᠦᠯᠭᠡ ᠶᠢᠨ ᠪᠠᠶᠢᠷᠢᠯᠠᠭᠤᠯᠤᠯᠲᠠ ᠶᠢ ᠰᠢᠪᠠᠳᠠᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠲᠡᠭᠦᠯᠳᠡᠷᠵᠢᠭᠦᠯᠬᠦ  ᠴᠢᠬᠤᠯᠠ ᠲᠠᠢ  ᠪᠠᠶᠢᠨ᠎ᠠ᠃      ᠬᠤᠶᠠᠷ ᠲᠤ᠂ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠ  ᠲᠠᠢ  ᠂ ᠬᠠᠤᠯᠢ ᠬᠡᠷᠡᠭᠵᠢᠭᠦᠯᠬᠦ ᠬᠡᠯᠪᠡᠷᠢ ᠪᠠ ᠠᠷᠭ᠎ᠠ ᠪᠠᠷᠢᠯ ᠤᠨ ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ ᠡᠭᠦᠳᠬᠦ ᠴᠢᠬᠤᠯᠠ ᠲᠠᠢ  ᠃ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠨᠢ ᠰᠣᠶᠣᠯ᠂ ᠵᠢᠭᠤᠯᠴᠢᠯᠠᠯ᠂ ᠰᠣᠨᠢᠨ ᠮᠡᠳᠡᠭᠡ ᠬᠡᠪᠯᠡᠯ ᠵᠡᠷᠭᠡ ᠤᠯᠠᠨ ᠬᠦᠷᠢᠶᠡᠨ ᠳᠤ ᠬᠤᠯᠪᠣᠭᠳᠠᠵᠤ᠂ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠳᠦᠷᠢᠮᠵᠢᠯ ᠤᠨ ᠴᠢᠨᠠᠷᠲᠠᠢ ᠪᠢᠴᠢᠭ  ᠮᠠᠲ᠋ᠧᠷᠢᠶᠠᠯ ᠨᠡᠯᠢᠶᠡᠳ ᠤᠯᠠᠨ᠂  ᠴᠡᠭ ᠤᠯᠠᠨ ᠲᠠᠯ᠎ᠠ ᠥᠷᠭᠡᠨ ᠪᠣᠯᠬᠤᠷ ᠠᠵᠢᠯᠲᠠᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠣᠨ ᠬᠠᠤᠯᠢ ᠬᠡᠷᠡᠭᠵᠢᠭᠦᠯᠬᠦ ᠲᠦᠪᠰᠢᠨ ᠳᠤ ᠰᠢᠨ᠎ᠡ ᠱᠠᠭᠠᠷᠳᠠᠯᠭ᠎ᠠ ᠳᠤᠷᠠᠳᠴᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠣᠨ ᠳᠦᠷᠦ ᠶᠢᠨ ᠪᠣᠳᠣᠯᠭ᠎ᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ  ᠴᠢᠬᠤᠯᠠ ᠲᠠᠢ ᠪᠠᠶᠢᠨ᠎ᠠ᠃ ᠤᠯᠠᠮᠵᠢᠯᠠᠯᠲᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠨᠢ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠨᠡᠩ ᠴᠢᠬᠤᠯᠠᠴᠢᠯᠠᠵᠤ᠂ ᠬᠠᠤᠯᠢ ᠬᠡᠷᠡᠭᠵᠢᠭᠦᠯᠬᠦ ᠬᠡᠯᠪᠡᠷᠢ ᠨᠢ ᠰᠡᠷᠡᠮᠵᠢᠯᠡᠬᠦᠯᠬᠦ᠂ ᠵᠣᠭᠤᠰ ᠢᠶᠠᠷ ᠲᠣᠷᠭᠠᠬᠤ ᠵᠡᠷᠭᠡ ᠬᠠᠲᠠᠭᠤ ᠠᠷᠭ᠎ᠠ ᠪᠠᠷᠢᠯ ᠢ ᠨᠡᠩ ᠴᠢᠬᠤᠯᠠᠴᠢᠯᠠᠵᠤ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ ᠨᠢ ᠨᠡᠯᠢᠶᠡᠳ ᠳᠠᠩ ᠴᠤᠯᠭᠤᠢ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠨᠢ ᠨᠡᠯᠢᠶᠡᠳ ᠪᠦᠳᠦᠭᠦᠯᠢᠭ ᠪᠠᠶᠢᠵᠤ᠂ ᠬᠠᠤᠯᠢ ᠬᠡᠷᠡᠭᠵᠢᠭᠦᠯᠬᠦ ᠳ᠋ᠦᠢᠰᠢᠶᠠᠩ ᠢ ᠠᠮᠠᠷᠬᠠᠨ ᠡ᠊ᠨᠳᠡᠭᠦᠷᠡᠭᠦᠯᠬᠦ ᠪᠠ ᠳᠤᠷ᠎ᠠ ᠦᠭᠡᠶᠢᠴᠡᠭᠦᠯᠬᠦ ᠪᠣᠯᠭᠠᠵᠤ᠂ ᠬᠠᠤᠯᠢ ᠬᠡᠷᠡᠭᠵᠢᠭᠦᠯᠬᠦ ᠵᠣᠷᠢᠯᠭ᠎ᠠ ᠶᠢ ᠦᠨᠡᠨ ᠬᠦ ᠪᠡᠶᠡᠯᠡᠭᠦᠯᠬᠦ ᠳᠤ ᠠᠰᠢᠭ ᠦᠭᠡᠢ ᠪᠠᠶᠢᠳᠠᠭ᠃      ᠭᠤᠷᠪᠠ ᠳᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠥᠷᠭᠡᠴᠡ ᠪᠠ ᠭᠦᠨᠴᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ  ᠴᠢᠬᠤᠯᠠ ᠲᠠᠢ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠡᠯᠪᠡᠷᠢ ᠶᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠴᠢᠬᠤᠯᠠ ᠲᠠᠢ ᠪᠠᠶᠢᠨ᠎ᠠ᠃ ᠮᠠᠨ ᠤ ᠣᠳᠣᠬᠠᠨ ᠤ ᠬᠠᠤᠯᠢᠵᠢᠯ ᠤᠨ ᠤᠬᠠᠭᠤᠯᠭ᠎ᠠ ᠳᠤ ᠭᠤᠣᠯᠳᠠᠭᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠡᠳᠦᠷ ᠪᠣᠯᠣᠨ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠲᠦᠰᠢᠭᠯᠡᠵᠦ᠂ ᠡᠳᠦᠷ ᠳᠤᠳᠤᠮ ᠤᠨ ᠤᠬᠠᠭᠤᠯᠭ᠎ᠠ ᠪᠠᠷ ᠲᠡᠶᠢᠮᠦ ᠪᠠᠶᠠᠯᠢᠭ ᠪᠢᠰᠢ ᠪᠠᠶᠢᠨ᠎ᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠣᠯᠠᠩᠬᠢ ᠨᠢ ᠲᠤᠰᠬᠠᠢ ᠲᠠᠯᠠᠪᠤᠷ ᠤᠨ ᠦᠵᠡᠭᠦᠯᠭᠡ ᠶᠢᠨ ᠲᠠᠶᠢᠰᠠ᠂ ᠠᠯᠪᠠᠨ ᠤ ᠰᠦᠯᠵᠢᠶ᠎ᠡ᠂ ᠬᠠᠤᠯᠢ ᠴᠠᠭᠠᠵᠠ ᠶᠢᠨ ᠭᠠᠷ ᠠᠪᠤᠯᠭ᠎ᠠ ᠶᠢ ᠲᠠᠷᠬᠠᠭᠠᠬᠤ ᠵᠡᠷᠭᠡ ᠠᠷᠭ᠎ᠠ ᠪᠠᠷᠢᠯ ᠳᠤ ᠲᠦᠰᠢᠭᠯᠡᠵᠦ᠂ ᠤᠯᠠᠨ ᠲᠦᠮᠡᠨ ᠤ ᠲᠠᠰᠤᠷᠠᠯᠲᠠ ᠦᠭᠡᠢ ᠬᠤᠪᠢᠷᠠᠵᠤ ᠪᠠᠶᠢᠭ᠎ᠠ ᠬᠡᠷᠡᠭᠴᠡᠭᠡ ᠶᠢ ᠬᠠᠩᠭᠠᠬᠤ ᠶᠢᠨ ᠠᠷᠭ᠎ᠠ ᠦᠭᠡᠢ᠃      ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ      ᠲᠠᠷᠠᠭᠠᠴᠢ ᠶᠢᠨ ᠠᠯᠬᠤᠮ ᠳᠤ᠂ ᠪᠢᠳᠡ ᠨᠠᠩ ᠥᠨᠳᠥᠷ ᠤᠯᠤᠰ ᠲᠥᠷᠥ ᠶᠢᠨ ᠤᠬᠠᠮᠰᠠᠷ᠂ ᠨᠠᠩ ᠡᠷᠡᠰ ᠪᠠᠲᠤ ᠢᠲᠡᠭᠡᠯ ᠵᠣᠷᠢᠭ᠂ ᠨᠠᠩ ᠬᠦᠴᠦᠲᠡᠢ ᠠᠷᠭ᠎ᠠ ᠬᠡᠮᠵᠢᠶ᠎ᠡ ᠪᠠᠷ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠤᠨ ᠰᠢᠨ᠎ᠡ ᠳᠡᠭᠲᠡᠷ ᠲᠤ ᠳᠠᠬᠢᠨ ᠭᠠᠷᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠤᠨ᠎ᠠ᠃      ᠨᠢᠭᠡ ᠳᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠨ  ᠲᠤᠭᠤᠰᠢᠯᠠᠭᠤᠯᠤᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠭᠤᠣᠯ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠰᠤᠷᠤᠯᠴᠠᠨ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠨ᠎ᠠ᠃ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠤᠬᠠᠢ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠪᠥᠬᠦ ᠲᠠᠯ᠎ᠠ ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠠᠤᠯᠢ ᠪᠠᠷ ᠵᠠᠰᠠᠬᠤ ᠠᠵᠢᠯ ᠳᠤ ᠬᠢ ᠨᠠᠮ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃      ᠬᠤᠶᠠᠷ ᠲᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠦᠨ᠎ᠡ᠃ ︽ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠲᠤᠬᠠᠢ ᠲᠣᠭᠲᠠᠭᠠᠯ︾ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠲᠠᠰᠤᠷᠠᠯᠳᠡ ᠦᠭᠡᠢ ᠴᠢᠩᠭ᠎ᠠ ᠠᠳᠬᠤᠨ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠯᠡᠨ ᠰᠦᠪᠡᠭᠴᠢᠯᠡᠬᠦ ᠪᠠᠨ ᠴᠢᠩᠭᠠᠳᠬᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠣᠯᠠᠨ ᠨᠡᠶᠢᠲᠡ ᠪᠠᠷ ᠢᠶᠠᠨ ᠣᠷᠤᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠭᠦᠢᠴᠡᠳᠬᠡᠨ᠎ᠡ᠃ ᠬᠠᠤᠯᠢ ᠴᠠᠭᠠᠵᠠ ᠶᠢᠨ ᠵᠥᠪᠯᠡᠭᠴᠢ ᠶᠢᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤᠮᠳᠠᠬᠢ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ  ᠢ ᠪᠠᠳᠠᠷᠠᠭᠤᠯᠤᠨ᠎ᠠ᠃      ᠭᠤᠷᠪᠠ ᠳᠤ᠂ ᠬᠠᠤᠯᠢ ᠲᠣᠭᠲᠠᠭᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠠᠤᠯᠢ ᠴᠠᠭᠠᠵᠠ ᠶᠢᠨ ᠲᠢᠩᠬᠢᠮ ᠢ ᠢᠳᠡᠪᠬᠢᠲᠡᠢ ᠵᠣᠬᠢᠴᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠦᠷᠢᠮ︾ ᠤᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ ᠠᠬᠢᠭᠤᠯᠵᠤ᠂ ᠡᠮᠦᠨᠡᠬᠢ ᠬᠤᠭᠤᠴᠠᠭᠠᠨ ᠤ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠪᠠ ᠲᠥᠰᠥᠯ ᠢ ᠲᠤᠭᠤᠷᠪᠢᠨ ᠲᠣᠭᠲᠠᠭᠠᠬᠤ ᠠᠵᠢᠯ ᠢ ᠥᠷᠨᠢᠭᠦᠯᠦᠨ᠎ᠡ᠃ ᠵᠢᠷᠤᠮᠵᠢᠯ  ᠤᠨ ᠴᠢᠨᠠᠷᠲᠠᠢ ᠪᠢᠴᠢᠭ  ᠮᠠᠲ᠋ᠧᠷᠢᠶᠠᠯ  ᠢ ᠬᠠᠤᠯᠢ ᠲᠣᠭᠲᠠᠭᠠᠯ ᠶᠣᠰᠣᠭᠠᠷ ᠲᠣᠭᠲᠠᠭᠠᠵᠤ᠂ ᠵᠢᠷᠤᠮᠵᠢᠯ  ᠤᠨ ᠴᠢᠨᠠᠷᠲᠠᠢ ᠪᠢᠴᠢᠭ  ᠮᠠᠲ᠋ᠧᠷᠢᠶᠠᠯ  ᠢ  ᠲᠣᠭᠲᠠᠮᠠᠯ ᠬᠤᠭᠤᠴᠠᠭ᠎ᠠ ᠲᠠᠢ ᠪᠠ ᠲᠤᠰᠬᠠᠢ ᠵᠦᠢᠯ  ᠢᠶᠠᠷ  ᠡᠮᠬᠢᠯᠡᠵᠦ ᠲᠢᠭᠯᠡᠬᠦ ᠠᠵᠢᠯ ᠢ ᠥᠷᠨᠢᠬᠦᠯᠦᠨ᠎ᠡ᠃      ᠳᠥᠷᠪᠡ ᠳᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠡᠯᠪᠡᠷᠢ ᠶᠢ ᠵᠢᠷᠤᠮᠵᠢᠭᠤᠯᠤᠨ ᠰᠢᠨ᠎ᠡ ᠶᠢ ᠡᠭᠦᠳᠦᠨ᠎ᠡ᠃ ︽ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ︾᠂ ︽ᠬᠡᠨ ᠭᠤᠣᠯᠴᠢᠯᠠᠨ ᠬᠠᠮᠢᠶᠠᠷᠪᠠᠯ ᠬᠡᠨ ᠬᠢᠨᠠᠨ ᠬᠠᠮᠢᠶᠠᠷᠬᠤ︾ ᠠᠵᠢᠯ ᠤᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠵᠣᠷᠢᠭᠤᠳᠠ ᠭᠠᠷ ᠲᠦᠷᠦᠭᠦ ᠶᠢ ᠪᠠᠭᠠᠰᠬᠠᠨ᠂ ᠴᠢᠯᠦᠭᠡᠲᠡᠢ ᠲᠠᠰᠤᠯᠤᠯᠲᠠ ᠶᠢᠨ ᠣᠷᠣᠨ ᠵᠠᠢ ᠶᠢ ᠪᠠᠭᠠᠰᠬᠠᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠠᠷᠭ᠎ᠠ ᠮᠠᠶ᠋ᠢᠭ ᠤᠨ ᠬᠡᠷᠡᠭᠯᠡᠯᠲᠡ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ ᠪᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠦᠯᠵᠢᠶᠡᠨ ᠤ ᠪᠠᠶᠢᠩᠭᠤ ᠶᠢᠨ ᠬᠢᠨᠠᠨ ᠬᠡᠮᠵᠢᠯᠲᠡ ᠶᠢ ᠲᠦᠯᠬᠢᠨ ᠠᠬᠢᠭᠤᠯᠵᠤ᠂ ᠰᠦᠯᠵᠢᠶᠡᠨ ᠤ ᠰᠣᠶᠣᠯ᠂ ᠰᠦᠯᠵᠢᠶᠡᠨ ᠤ ᠵᠢᠭᠤᠯᠴᠢᠯᠠᠯ ᠵᠡᠷᠭᠡ ᠵᠠᠬ᠎ᠠ ᠳᠡᠯᠭᠡᠭᠦᠷ ᠤᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠢᠳᠡᠪᠬᠢᠲᠡᠢ ᠪᠠᠷ ᠠᠷᠭᠠᠴᠠᠨ᠎ᠠ᠃      ᠲᠠᠪᠤ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽12· 4︾  ᠤ ᠤᠯᠤᠰ ᠤᠨ ᠦᠨᠳᠦᠰᠦᠨ ᠬᠠᠤᠯᠢ ᠶᠢᠨ ᠡᠳᠦᠷ᠂ ︽5 · 19︾  ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ᠂ ᠰᠣᠶᠣᠯ ᠤᠨ ᠪᠠ ᠪᠠᠶᠢᠭᠠᠯᠢ ᠶᠢᠨ ᠥᠪ ᠤᠨ ᠡᠳᠦᠷ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠤᠨ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ᠎ᠠ᠃ ᠬᠠᠤᠯᠢ ᠪᠠᠷ ᠵᠠᠰᠠᠬᠤ ᠪᠣᠯᠪᠠᠰᠤᠷᠠᠭᠤᠯᠤᠯ ᠬᠥᠮᠦᠵᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠰᠢᠭᠦᠬᠦ ᠬᠤᠷᠢᠶᠠᠨ ᠤ ᠲᠢᠩᠬᠢᠮ ᠤᠨ ᠰᠢᠭᠦᠯᠲᠡ ᠶᠢ ᠰᠤᠯᠠ ᠰᠣᠨᠣᠰᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠦᠨ᠎ᠡ᠃ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ᠂ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠵᠢᠴᠢ ᠬᠤᠪᠢᠰᠬᠠᠯ ᠤᠨ ᠲᠠᠶᠢᠯᠪᠤᠷᠢᠯᠠᠭᠴᠢ ᠵᠡᠷᠭᠡ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠪᠠ ᠡᠩᠨᠡᠭᠡ ᠳᠤ ᠭᠦᠢᠴᠡᠳ ᠲᠦᠰᠢᠭᠯᠡᠵᠦ᠂ ᠬᠠᠤᠯᠢ ᠪᠠᠷ ᠵᠠᠰᠠᠬᠤ ᠰᠣᠶᠣᠯ ᠤᠨ ᠠᠵᠢᠯᠯᠠᠭ᠎ᠠ ᠪᠠ ᠬᠠᠤᠯᠢ ᠪᠠᠷ ᠵᠠᠰᠠᠬᠤ ᠤᠬᠠᠭᠤᠯᠭ᠎ᠠ ᠶᠢ ᠥᠷᠨᠢᠭᠦᠯᠦᠨ᠎ᠡ᠃      ᠵᠢᠷᠭᠤᠭ᠎ᠠ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠥᠳᠡᠯᠦᠩᠭᠦᠢ ᠲᠣᠬᠢᠷᠠᠭᠤᠯᠤᠯᠲᠠ ᠶᠢ ᠰᠠᠶᠢᠲᠤᠷ ᠬᠢᠵᠦ᠂ ︽ᠬᠤᠶᠠᠷ ᠰᠢᠯᠢᠳᠡᠭ︾ ᠤᠨ ᠲᠤᠰᠬᠠᠢ ᠵᠦᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠤᠯᠠᠮ ᠨᠢᠭᠡ ᠠᠯᠬᠤᠮ ᠥᠷᠭᠡᠳᠬᠡᠵᠦ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ᠃ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号