2022 ᠣᠨ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠮᠵᠢ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠦᠨᠳᠦᠰᠦᠨ ᠬᠠᠤᠯᠢ᠂ ᠬᠠᠤᠯᠢ ᠴᠠᠭᠠᠵᠠ ᠳᠦᠷᠢᠮ ᠲᠣᠭᠲᠠᠭᠠᠯ ᠤᠨ | ᠱᠠᠭᠠᠷᠳᠠᠯᠭ᠎ᠠ ᠶᠢ ᠵᠢᠷᠤᠮᠯᠠᠨ ᠰᠠᠬᠢᠵᠤ᠂ ᠲᠥᠪ ᠤᠨ ︽ᠨᠢᠭᠡ ᠲᠥᠯᠦᠪᠵᠢᠭᠦᠯᠭᠡ᠂ ᠬᠤᠶᠠᠷ ᠬᠥᠲᠥᠯᠪᠦᠷᠢ︾ ᠵᠢᠴᠢ | ᠥᠪᠡᠷᠲᠡᠭᠡᠨ ᠵᠠᠰᠠᠬᠤ ᠣᠷᠣᠨ ᠤ ᠲᠥᠰᠥᠯ ᠠᠷᠭ᠎ᠠ ᠪᠠᠷᠢᠯ ᠵᠡᠷᠭᠡ ᠬᠠᠤᠯᠢ ᠶᠤᠰᠤ ᠪᠠᠷ ᠤᠯᠤᠰ ᠢᠶᠠᠨ ᠵᠠᠰᠠᠬᠤ | ᠴᠢᠬᠤᠯᠠ ᠪᠠᠶᠢᠯᠳᠤᠬᠤ ᠪᠣᠳᠣᠯᠭ᠎ᠠ᠂ ᠬᠠᠤᠯᠢ ᠶᠤᠰᠤ ᠪᠠᠷ ᠣᠷᠣᠨ ᠢᠶᠠᠨ ᠵᠠᠰᠠᠬᠤ ᠴᠢᠬᠤᠯᠠ ᠠᠵᠢᠯ ᠤᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ᠂ ᠨᠠᠮ ᠤᠨ ᠬᠠᠤᠯᠢᠵᠢᠯ ᠤᠨ ᠪᠠᠶᠢᠭᠤᠯᠤᠯᠲᠠ ᠳᠤ ᠬᠢ | ᠪᠦᠬᠦ ᠲᠠᠯ᠎ᠠ ᠶᠢᠨ ᠤᠳᠤᠷᠢᠳᠤᠯᠭ᠎ᠠ ᠵᠢᠪᠠᠷᠢᠮᠲᠠᠯᠠᠬᠤ᠂ ᠬᠠᠤᠯᠢᠵᠢᠯ ᠤᠨ ᠪᠠᠶᠢᠭᠤᠯᠤᠯᠲᠠ ᠶᠢᠨ ᠨᠢᠭᠡᠳᠦᠭᠡᠷ | ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠡᠷᠡᠰ ᠭᠦᠢᠴᠡᠳᠬᠡᠬᠦ᠂ ᠰᠣᠶᠣᠯ ᠪᠠ ᠵᠢᠭᠤᠯᠴᠢᠯᠠᠯ ᠤᠨ ᠬᠠᠤᠯᠢ | ᠲᠣᠭᠲᠠᠭᠠᠬᠤ ᠠᠵᠢᠯ ᠢ ᠠᠬᠢᠭᠤᠯᠬᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠪᠣᠯᠪᠠᠰᠤᠷᠠᠯ ᠢ ᠴᠢᠩᠭᠠᠳᠬᠠᠬᠤ᠂ | ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠠᠬᠢᠭᠤᠯᠬᠤ ᠵᠡᠷᠭᠡ ᠡᠯ᠎ᠡ ᠵᠦᠢᠯ ᠤᠨ | ᠭᠤᠣᠯᠳᠠᠯᠭ᠎ᠠ ᠲᠠᠢ ᠬᠠᠤᠯᠢᠵᠢᠯ ᠤᠨ ᠠᠵᠢᠯ ᠳᠤ ᠮᠡᠳᠡᠭᠳᠡᠮ᠎ᠡ ᠦᠷ᠎ᠡ ᠪᠦᠲᠦᠮᠵᠢ ᠣᠯᠪᠠ᠃ ᠬᠠᠤᠯᠢ ᠶᠤᠰᠤ ᠪᠠᠷ ᠵᠠᠰᠠᠭ | ᠶᠠᠪᠤᠭᠤᠯᠬᠤ ᠴᠢᠳᠠᠪᠤᠷᠢ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠣᠷᠣᠨ ᠤ ᠰᠣᠶᠣᠯ | ᠪᠠ ᠵᠢᠭᠤᠯᠴᠢᠯᠠᠯ ᠤᠨ ᠥᠭᠡᠷᠡᠴᠢᠯᠡᠯᠲᠡ ᠬᠥᠭᠵᠢᠯᠲᠡ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ | ᠬᠠᠩᠭᠠᠪᠠ᠃ᠡᠳᠦᠭᠡ ᠬᠠᠮᠢᠶ᠎ᠠ ᠪᠦᠬᠦᠢ ᠠᠵᠢᠯ ᠤᠨ ᠪᠠᠶᠢᠳᠠᠯ ᠢᠶᠠᠨ ᠳᠣᠣᠷᠠᠬᠢ ᠮᠡᠲᠦ ᠮᠡᠳᠡᠭᠦᠯᠦᠶ᠎ᠡ᠃ | ᠨᠢᠭᠡ᠂ 2022 ᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ | ︵ᠨᠢᠭᠡ︶ ᠵᠥᠪ ᠴᠢᠭᠯᠡᠯ ᠢ ᠪᠠᠷᠢᠮᠲᠠᠯᠠᠨ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠰᠢ ᠶᠢᠨ | ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠢᠮᠠᠭᠲᠠ ᠨᠢᠭᠡᠨ | ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠪᠠ᠃ | ᠨᠢᠭᠡ ᠳᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠰᠣᠶᠣᠯ ᠪᠠ ᠵᠢᠭᠤᠯᠴᠢᠯᠠᠯ ᠤᠨ | ᠰᠢᠰᠲ᠋ᠧᠮ ᠤᠨ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ | ᠵᠡᠷᠭᠡ ᠬᠠᠤᠯᠢᠵᠢᠯ ᠤᠨ ᠪᠠᠶᠢᠭᠤᠯᠤᠯᠲᠠ ᠶᠢᠨ ᠪᠦᠬᠦ ᠬᠦᠷᠢᠶ᠎ᠡ ᠪᠦᠬᠦ ᠶᠠᠪᠤᠴᠠ ᠶᠢ ᠶᠡᠷᠦᠩᠬᠡᠶᠢᠯᠡᠨ ᠵᠢᠯᠣᠭᠤᠳᠤᠨ᠎ᠠ᠃ | ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠢ ᠬᠥᠲᠥᠯᠥᠨ ᠱᠠᠯᠠᠪᠳᠠᠭᠤᠯᠤᠨ | ᠵᠢᠯᠤᠭᠤᠳᠴᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠬᠠᠤᠯᠢᠵᠢᠯ ᠤᠨ ᠳᠤᠮᠳᠠᠳᠤ ᠤᠯᠤᠰ᠂ ᠬᠠᠤᠯᠢᠵᠢᠯ ᠤᠨ ᠨᠡᠶᠢᠭᠡᠮ᠂ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠲᠠᠢ ᠨᠢᠭᠡᠳᠬᠡᠵᠦ᠂ ᠰᠣᠶᠣᠯ ᠤᠨ ᠬᠦᠴᠦᠷᠬᠡᠭ ᠤᠯᠤᠰ ᠤᠨ ᠠᠯᠤᠰ ᠤᠨ ᠬᠠᠷᠠᠯᠲᠠ ᠶᠢ ᠰᠠᠶᠢᠲᠤᠷ | ᠨᠠᠶᠢᠳᠠᠪᠤᠷᠢᠵᠢᠭᠤᠯᠬᠤ ᠲᠠᠢ ᠨᠢᠭᠡᠳᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠤ ᠬᠢ | ᠬᠤᠯᠪᠣᠭᠳᠠᠯ ᠪᠦᠬᠦᠢ ᠬᠠᠤᠯᠢᠵᠢᠯ ᠤᠨ ᠪᠠᠶᠢᠭᠤᠯᠤᠯᠲᠠ ᠪᠣᠯᠣᠨ ᠰᠣᠶᠣᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ | ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠲᠠᠢ ᠤᠶᠠᠯᠳᠣᠭᠤᠯᠪᠠ ᠃ | ᠬᠤᠶᠠᠷ ᠲᠤ᠂ ︽ᠰᠢᠨ᠎ᠡ ᠴᠠᠭ ᠦᠶ᠎ᠡ ᠶᠢᠨ ᠰᠣᠶᠣᠯ ᠵᠢᠭᠤᠯᠴᠢᠯᠠᠯ ᠤᠨ ᠬᠠᠤᠯᠢ ᠬᠡᠷᠡᠭᠵᠢᠭᠦᠯᠬᠦ ᠠᠵᠢᠯ ᠤᠨ | ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ︾ ᠭᠡᠬᠦ ᠬᠠᠤᠯᠢᠵᠢᠯ ᠤᠨ ᠲᠤᠰᠬᠠᠢ ᠰᠡᠳᠦᠪᠲᠦ ᠲᠠᠶᠢᠯᠤᠮᠵᠢ ᠶᠢ ᠦᠷᠨᠢᠭᠦᠯᠪᠡ | ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠰᠠᠶᠢᠲᠤᠷ ᠠᠳᠬᠤᠵᠤ᠂ ᠤᠳᠤᠷᠢᠳᠬᠤ ᠺᠠᠳ᠋ᠷᠴᠤᠳ ᠤᠨ ᠲᠦᠷᠦᠭᠦᠯᠡᠨ | ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭ᠎ᠠ ᠶᠢ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ᠂ | ᠲᠢᠩᠬᠢᠮ ᠤᠨ ᠬᠠᠤᠯᠢ ᠪᠠᠷ ᠣᠷᠣᠨ ᠢᠶᠠᠨ ᠵᠠᠰᠠᠬᠤ ᠪᠠ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯ ᠤᠨ ᠤᠳᠤᠷᠢᠳᠬᠤ ᠳᠤᠭᠤᠶᠢᠯᠠᠩ ᠤᠨ ᠴᠢᠬᠤᠯᠠ ᠰᠤᠷᠤᠯᠴᠠᠬᠤ ᠠᠭᠤᠯᠭ᠎ᠠ ᠪᠤᠯᠭᠠᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠬᠠᠤᠯᠢ ᠶᠢᠨ ᠤᠬᠠᠭᠠᠨ ᠤ | ᠵᠢᠭᠠᠨ ᠰᠤᠳᠤᠯᠬᠤ ᠬᠡᠯᠲᠡᠰ ᠤᠨ ᠮᠠᠤ ᠶᠤᠸᠠᠨ ᠫᠷᠤᠹᠧᠰᠰᠤᠷ ᠢ ᠤᠷᠢᠵᠤ ︽ᠥᠪᠡᠷᠲᠡᠭᠡᠨ ᠵᠠᠰᠠᠬᠤ ᠣᠷᠣᠨ ᠤ | ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ︾ ᠲᠤᠰᠬᠠᠢ ᠰᠡᠲᠦᠪᠲᠤ ᠲᠠᠶᠢᠯᠤᠮᠵᠢ ᠬᠢᠪᠡ ᠃ | | ᠭᠤᠷᠪᠠ ᠳᠤ᠂ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠺᠠᠳ᠋ᠷᠴᠤᠳᠤᠨ ᠬᠠᠤᠯᠢᠵᠢᠯ ᠤᠨ ᠬᠡᠪ | ᠪᠣᠯᠪᠠᠰᠤᠷᠠᠯ ᠬᠠᠤᠯᠢᠵᠢᠯ ᠤᠨ ᠴᠢᠳᠠᠪᠤᠷᠢ ᠶᠢ ᠲᠡᠭᠡᠭᠰᠢᠯᠡᠭᠦᠯᠪᠡ᠃ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠶᠢ ᠥᠪᠡᠷᠲᠡᠭᠡᠨ ᠵᠠᠰᠠᠬᠤ ᠣᠷᠣᠨᠤ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠥᠮᠦᠵᠢᠯ | ᠪᠣᠯᠪᠠᠰᠤᠷᠠᠭᠤᠯᠤᠯ ᠤᠨ ᠴᠢᠬᠤᠯᠠ ᠠᠭᠤᠯᠭ᠎ᠠ ᠪᠣᠯᠭᠠᠵᠤ᠂ ᠲᠢᠩᠬᠢᠮ ᠤᠨ ᠪᠠᠶᠢᠭᠤᠯᠭ᠎ᠠ ᠭᠠᠵᠠᠷ ᠭᠡᠷ᠂ ᠰᠢᠭᠤᠳ ᠬᠠᠷᠢᠶ᠎ᠠ | ᠨᠢᠭᠡᠴᠢ ᠳᠤ ︽ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠶᠢ ᠨᠢᠭᠡᠳᠦᠯᠲᠡᠢ ᠲᠣᠬᠢᠷᠠᠭᠤᠯᠤᠨ | ᠥᠭᠴᠦ᠂ ᠨᠠᠮ ᠤᠨᠡᠭᠦᠷᠤᠨ ᠲᠥᠪᠯᠡᠷᠡᠭᠦᠯᠦᠨ ᠰᠤᠷᠤᠯᠴᠠᠬᠤ ᠳᠤ ᠤᠷᠤᠭᠤᠯᠪᠠ᠃ᠳᠡᠳ᠋ ᠭᠠᠵᠠᠷ ᠤᠨ ᠲᠠᠰ ᠠᠴᠠ | ᠳᠡᠭᠡᠭᠰᠢᠬᠢ ᠤᠳᠤᠷᠢᠳᠬᠤ ᠺᠠᠳ᠋ᠷᠴᠤᠳ ᠤᠨ ᠪᠥᠬᠦ ᠠᠵᠢᠯᠲᠠᠨ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ | ᠺᠠᠳ᠋ᠷᠴᠤᠳ ᠤᠨ ᠪᠣᠯᠪᠠᠰᠤᠷᠠᠭᠤᠯᠤᠯ ᠤᠨ ᠰᠦᠯᠵᠢᠶᠡᠨ ᠤ ᠳᠡᠭᠡᠳᠦ ᠰᠤᠷᠭᠠᠭᠤᠯᠢ ᠶᠢᠨ ︽ᠬᠠᠤᠯᠢ ᠪᠠᠷ ᠵᠠᠰᠠᠬᠤ ᠥᠪᠥᠷ | ᠮᠣᠩᠭᠤᠯ︾ ᠤᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ | ᠣᠷᠣᠯᠴᠠᠭᠤᠯᠵᠤ᠂ ᠰᠢᠨ᠎ᠡ ᠪᠠᠷ ᠳᠡᠪᠰᠢᠭᠦᠯᠦᠭᠰᠡᠨ ᠺᠠᠳ᠋ᠷ ᠪᠠ ᠰᠢᠨ᠎ᠡ ᠪᠠᠷ ᠠᠵᠢᠯ ᠳᠤ ᠣᠷᠣᠭᠰᠠᠨ ᠠᠯᠪᠠᠲᠠᠨ ᠳᠤ | ᠬᠠᠤᠯᠢ ᠪᠠᠷ ᠵᠠᠰᠠᠬᠤ ᠰᠤᠷᠤᠯᠴᠠᠯᠭ᠎ᠠ ᠪᠣᠯᠪᠠᠰᠤᠷᠠᠭᠤᠯᠤᠯ ᠪᠠ ᠰᠢᠯᠭᠠᠯᠲᠠ ᠬᠢᠪᠡ᠃ ᠬᠠᠤᠯᠢᠵᠢᠯ ᠤᠨ ᠰᠡᠷᠡᠮᠵᠢᠯᠡᠭᠦᠯᠬᠦ | ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ | ᠪᠠᠶᠢᠭᠤᠯᠭ᠎ᠠ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠭᠠᠵᠠᠷ ᠲᠠᠰᠤᠭ ᠤᠨ ᠬᠠᠷᠢᠭᠤᠴᠠᠯᠭᠠᠲᠠᠨ | ᠵᠡᠷᠭᠡ ᠠᠵᠢᠯᠲᠠᠨ ᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ | ᠰᠢᠭᠦᠬᠦ ᠬᠤᠷᠢᠶ᠎ᠠ ᠶᠢᠨ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠤᠨ ᠲᠢᠩᠬᠢᠮ ᠤᠨ ᠰᠢᠭᠦᠯᠲᠡ ᠶᠢᠨ ᠰᠤᠯᠠ ᠰᠣᠨᠣᠰᠬᠤ | ᠠᠵᠢᠯᠯᠠᠭ᠎ᠠ ᠳᠤ ᠣᠷᠣᠯᠴᠠᠭᠤᠯᠪᠠ᠃ | ︵ᠬᠤᠶᠠᠷ︶ ᠬᠠᠤᠯᠢ ᠪᠠᠷ ᠵᠠᠰᠠᠬᠤ ᠪᠠᠶᠢᠭᠤᠯᠤᠯᠲᠠ ᠳᠤ ᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ | ᠬᠠᠷᠢᠭᠤᠴᠠᠯᠭ᠎ᠠ ᠶᠢ ᠦᠨᠡᠨ ᠬᠦ ᠬᠦᠢᠴᠡᠳᠭᠡᠪᠡ | ᠨᠢᠭᠡ ᠳᠤ᠂ ᠭᠤᠣᠯ ᠬᠠᠷᠢᠭᠤᠴᠠᠯᠭᠠᠲᠠᠨ ᠲᠦᠷᠦᠭᠦᠯᠡᠨ ᠤᠯᠠᠮᠵᠢᠯᠠᠨ ᠰᠤᠷᠤᠯᠴᠠᠪᠠ᠃ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠵᠢᠷᠭᠤᠳᠤᠭᠠᠷ ᠤᠳᠠᠭ᠎ᠠ ᠶᠢᠨ | ᠬᠤᠷᠠᠯ ᠤᠨ ᠵᠣᠷᠢᠭ ᠰᠠᠨᠠᠭ᠎ᠠ ᠵᠢᠴᠢ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠵᠡᠷᠭᠡ ᠬᠠᠤᠯᠢ | ᠴᠠᠭᠠᠵᠠ ᠲᠦᠷᠢᠮ ᠲᠣᠭᠲᠠᠭᠠᠯ ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ | ᠰᠤᠳᠤᠯᠪᠠ᠃ ᠲᠢᠩᠬᠢᠮ ᠤᠨ ᠬᠠᠤᠯᠢ ᠪᠠᠷ ᠣᠷᠣᠨ ᠢᠶᠠᠨ ᠵᠠᠰᠠᠬᠤ ᠪᠠ ᠬᠠᠤᠯᠢ ᠴᠠᠭᠠᠵᠠ ᠶᠢ ᠲᠦᠭᠡᠮᠡᠯᠵᠢᠭᠦᠯᠬᠦ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭ᠎ᠠ ᠵᠢᠴᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠴᠢᠬᠤᠯᠠ ᠪᠢᠴᠢᠭ | ᠮᠠᠲ᠋ᠧᠷᠢᠶᠠᠯ ᠢ ᠤᠯᠠᠮᠵᠢᠯᠠᠨ ᠰᠤᠷᠤᠯᠴᠠᠪᠠ᠃ | ᠬᠤᠶᠠᠷ ᠲᠤ ᠭᠤᠣᠯ ᠬᠠᠷᠢᠭᠤᠴᠠᠯᠭᠠᠲᠠᠨ ᠲᠦᠷᠦᠭᠦᠯᠡᠨ ᠰᠤᠳᠤᠯᠤᠨ ᠪᠠᠶᠢᠷᠢᠯᠠᠭᠤᠯᠪᠠ᠃ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠳᠦᠷᠢᠮ ︵ | ᠬᠦᠷᠭᠡᠨ ᠬᠢᠨᠠᠭᠤᠯᠬᠤ ᠨᠣᠣᠷᠠᠭ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ | ᠨᠡᠶᠢᠲᠡ ᠶᠢᠨ ᠨᠣᠮ ᠤᠨ ᠰᠠᠩ ᠤᠨ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠬᠤ ᠲᠥᠰᠥᠯ︶ ︵ᠬᠦᠷᠭᠡᠨ | ᠬᠢᠨᠠᠭᠤᠯᠬᠤ ᠨᠣᠣᠷᠠᠭ︶︾ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ | ᠵᠠᠷᠭᠤ ᠳᠤ ᠬᠤᠯᠪᠣᠭᠳᠠᠬᠤ ᠲᠥᠷᠥᠯ ᠤᠨ ᠠᠵᠢᠯ ᠤᠨ ᠲᠣᠭᠲᠠᠭᠠᠯ︾ ︽ᠥᠪᠡᠷᠲᠡᠭᠡᠨ ᠵᠠᠰᠠᠬᠤ ᠣᠷᠣᠨ ᠤ ᠰᠣᠶᠣᠯ | ᠪᠠ ᠵᠢᠭᠤᠯᠴᠢᠯᠠᠯ ᠤᠨ ᠬᠦᠷᠢᠶᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ | ᠲᠥᠰᠥᠯ︾ ᠢ ᠰᠤᠳᠤᠯᠤᠨ ᠬᠢᠨᠠᠨ ᠵᠥᠪᠯᠡᠪᠡ᠃ ᠲᠢᠩᠬᠢᠮ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ | ᠬᠠᠤᠯᠢ ᠪᠠᠷ ᠣᠷᠣᠨ ᠢᠶᠠᠨ ᠵᠠᠰᠠᠬᠤ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ 2021 ᠣᠨ ᠤ ᠬᠠᠤᠯᠢ ᠪᠠᠷ ᠵᠠᠰᠠᠬᠤ ᠠᠵᠢᠯ ᠤᠨ | ᠪᠠᠶᠢᠳᠠᠯ ᠢ ᠰᠣᠨᠣᠰᠴᠤ᠂ 2022 ᠣᠨ ᠤ ᠬᠠᠤᠯᠢ ᠪᠠᠷ ᠵᠠᠰᠠᠬᠤ ᠠᠵᠢᠯ ᠤᠨ ᠭᠤᠣᠯᠳᠠᠯᠭ᠎ᠠ ᠪᠠ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠰᠥᠯ ᠢ ᠬᠢᠨᠠᠨ ᠶᠠᠷᠢᠯᠴᠠᠵᠤ᠂ ᠬᠠᠤᠯᠢ ᠪᠠᠷ ᠵᠠᠰᠠᠬᠤ ᠠᠵᠢᠯ ᠪᠠ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠰᠤᠳᠤᠯᠤᠨ ᠪᠠᠶᠢᠷᠢᠯᠠᠭᠤᠯᠪᠠ᠃ | ᠭᠤᠷᠪᠠ ᠳᠤ᠂ ᠭᠤᠣᠯ ᠬᠠᠷᠢᠭᠤᠴᠠᠯᠭᠠᠲᠠᠨ ᠲᠦᠷᠦᠭᠦᠯᠡᠨ ᠱᠠᠯᠠᠪᠳᠠᠭᠤᠯᠤᠨ ᠭᠦᠢᠴᠡᠳᠬᠡᠯᠭᠡᠵᠦ | ᠨᠠᠶᠢᠳᠠᠪᠤᠷᠢᠵᠢᠭᠤᠯᠪᠠ᠃ ᠲᠢᠩᠬᠢᠮ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠬᠠᠤᠯᠢ ᠶᠤᠰᠤ ᠪᠠᠷ | ᠣᠷᠣᠨ ᠢᠶᠠᠨ ᠵᠠᠰᠠᠬᠤ ᠪᠠ ᠬᠠᠤᠯᠢ ᠲᠦᠭᠡᠮᠡᠯᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠬᠤᠷᠠᠯᠳᠤᠭᠤᠯᠵᠤ᠂ ᠲᠣᠰ ᠵᠢᠯ ᠤᠨ ᠬᠠᠤᠯᠢ ᠲᠣᠭᠲᠠᠭᠠᠬᠤ ᠠᠵᠢᠯ ᠤᠨ ᠠᠬᠢᠴᠠ ᠶᠢᠨ ᠪᠠᠶᠢᠳᠠᠯ ᠢ ᠲᠤᠰᠬᠠᠶᠢᠯᠠᠨ | ᠰᠣᠨᠣᠰᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠯᠠᠨ ᠨᠡᠶᠢᠲᠡ ᠶᠢᠨ ᠨᠣᠮ ᠤᠨ ᠰᠠᠩ ᠤᠨ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ︶ | ︾ ᠤᠨ ᠬᠠᠤᠯᠢ ᠲᠣᠭᠲᠠᠭᠠᠬᠤ ᠶᠢ ᠠᠬᠢᠭᠤᠯᠬᠤ ᠠᠵᠢᠯ ᠢ ᠰᠤᠳᠤᠯᠤᠨ ᠰᠢᠮᠳᠠᠭᠤᠯᠤᠨ ᠭᠦᠢᠴᠡᠳᠭᠡᠪᠡ ᠃ | ︵ᠭᠤᠷᠪᠠ︶ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠬᠠᠤᠯᠢ ᠶᠣᠰᠣᠭᠠᠷ ᠣᠷᠣᠨ ᠢᠶᠠᠨ | ᠵᠠᠰᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ | ᠠᠵᠢᠯ ᠤᠨ ᠡᠭᠦᠷᠭᠡ ᠶᠢ ᠪᠠᠲᠤᠳᠬᠠᠪᠠ᠃ | ᠨᠢᠭᠡ ᠳᠤ᠂ ᠲᠥᠪ ᠤᠨ ︽ᠨᠢᠭᠡ ᠲᠥᠯᠦᠪᠵᠢᠭᠦᠯᠭᠡ᠂ ᠬᠤᠶᠠᠷ ᠬᠥᠲᠥᠯᠪᠦᠷᠢ︾ ᠪᠣᠯᠣᠨ ᠥᠪᠡᠷᠲᠡᠭᠡᠨ | ᠵᠠᠰᠠᠬᠤ ᠣᠷᠣᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠰᠥᠯ ᠵᠢᠴᠢ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ 2022 ᠣᠨ ᠤ ᠬᠠᠤᠯᠢᠵᠢᠯ ᠤᠨ ᠠᠵᠢᠯ ᠤᠨ ᠭᠤᠣᠯᠳᠠᠯᠭ᠎ᠠ ᠲᠠᠢ | ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠲᠢᠩᠬᠢᠮ ᠤᠨ ᠬᠠᠤᠯᠢ ᠶᠣᠰᠣᠭᠠᠷ ᠣᠷᠣᠨ ᠢᠶᠠᠨ ᠵᠠᠰᠠᠬᠤ ᠪᠠ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ ᠢ ᠬᠤᠷᠠᠯᠳᠤᠭᠤᠯᠵᠤ᠂ ᠪᠥᠬᠦ ᠵᠢᠯ ᠤᠨ ᠬᠠᠤᠯᠢ ᠪᠠᠷ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ | ᠰᠦᠪᠡᠭᠴᠢᠯᠡᠨ ᠪᠠᠶᠢᠷᠢᠯᠠᠭᠤᠯᠵᠤ᠂ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ | ᠬᠢ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2022 ᠣᠨ ᠤ | ᠬᠠᠤᠯᠢ ᠪᠠᠷ ᠵᠠᠰᠠᠬᠤ ᠠᠵᠢᠯ ᠤᠨ ᠭᠤᠣᠯᠳᠠᠯᠭ᠎ᠠ︾ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠭᠦᠷᠭᠡ ᠶᠢᠨ | ᠬᠤᠪᠢᠶᠠᠷᠢᠯᠠᠯ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠡᠯ᠎ᠡ ᠵᠦᠢᠯ ᠤᠨ ᠡᠭᠦᠷᠭᠡ ᠶᠢ | ᠪᠦᠲᠦᠮᠵᠢᠲᠡᠢ ᠠᠬᠢᠭᠤᠯᠪᠠ᠃ | ᠬᠤᠶᠠᠷ ᠲᠤ᠂ ᠬᠠᠤᠯᠢ ᠲᠣᠭᠲᠠᠭᠠᠬᠤ ᠠᠵᠢᠯ ᠴᠢᠬᠤᠯᠠ ᠦᠷ᠎ᠡ ᠪᠦᠲᠦᠭᠡᠯ ᠣᠯᠪᠠ᠃ 2022 ᠣᠨ ᠳᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠠᠤᠯᠢ ᠴᠠᠭᠠᠵᠠ ᠶᠢᠨ | ᠲᠢᠩᠬᠢᠮ ᠤᠨ ᠬᠦᠴᠦᠲᠡᠢ ᠳᠡᠮᠵᠢᠯᠭᠡ ᠳᠣᠣᠷ᠎ᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠨᠣᠮ ᠤᠨ ᠰᠠᠩ ᠤᠨ ᠬᠠᠮᠢᠶᠠᠷᠤᠯᠲᠠ ᠶᠢᠨ ᠳᠦᠷᠢᠮ︾ ᠢ | 2022 ᠣᠨ ᠤ 7 ᠳ᠋ᠤᠭᠠᠷ ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ | ᠵᠢᠷᠭᠤᠳᠤᠭᠠᠷ ᠬᠤᠷᠠᠯᠳᠤᠭᠠᠨ ᠠᠴᠠ ᠪᠠᠲᠤᠯᠠᠵᠤ᠂ 2022 ᠣᠨ ᠤ 9 ᠳ᠋ᠣᠭᠡᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠪᠡ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ ᠳᠦᠷᠢᠮ︾ ᠢ 2022 ᠣᠨ ᠤ 11 ᠳ᠋ᠣᠭᠡᠷ | ᠰᠠᠷ᠎ᠠ ᠶᠢᠨ 23 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠨᠠᠢᠮᠠᠳᠤᠭᠠᠷ ᠬᠤᠷᠠᠯᠳᠤᠭᠠᠨ ᠠᠴᠠ | ᠪᠠᠲᠤᠯᠠᠵᠤ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠤᠯᠵᠤ᠂ ᠰᠣᠶᠣᠯ | ᠵᠢᠭᠤᠯᠴᠢᠯᠠᠯ ᠤᠨ ᠬᠦᠷᠢᠶᠡᠨ ᠳᠤ ᠬᠢ ᠬᠠᠤᠯᠢ ᠲᠣᠭᠲᠠᠭᠠᠬᠤ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠪᠠ᠃ | ᠭᠤᠷᠪᠠ ᠳᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠤᠨ ᠪᠠᠶᠢᠭᠤᠯᠤᠯᠲᠠ ᠶᠢ | ᠲᠠᠰᠤᠷᠠᠯᠳᠠ ᠦᠭᠡᠢ ᠪᠠᠬᠢᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠣᠶᠣᠯ | ᠵᠢᠭᠤᠯᠴᠢᠯᠠᠯ ᠤᠨ ᠰᠢᠰᠲ᠋ᠧᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠵᠢᠴᠢ ᠨᠠᠮ ᠤᠨ ᠠᠵᠢᠯ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠪᠣᠯᠪᠠᠰᠤᠷᠠᠯ ᠤᠨ ᠠᠩᠭᠢ ᠶᠢ | ᠡᠷᠬᠢᠯᠡᠵᠦ᠂ ᠲᠥᠪ ᠤᠨ ᠨᠠᠮ ᠤᠨ ᠰᠤᠷᠭᠠᠭᠤᠯᠢ ᠪᠣᠯᠣᠨ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠢ | ᠤᠷᠢᠵᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠡᠭᠦᠷ ᠤᠨ ᠠᠵᠢᠯ ᠤᠨ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠤ ᠲᠠᠶᠢᠯᠤᠮᠵᠢ | ᠬᠢᠯᠭᠡᠵᠦ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠲᠤᠬᠠᠢ | ᠲᠠᠨᠢᠯᠲᠠ ᠪᠣᠯᠣᠨ ᠲᠤᠭᠤᠰᠢᠯᠠᠭᠤᠯᠬᠤ ᠴᠢᠳᠠᠪᠤᠷᠢ ᠶᠢ ᠳᠡᠭᠡᠭᠰᠢᠯᠡᠭᠦᠯᠪᠡ᠃ ᠨᠠᠮ ᠤᠨ ᠤᠯᠤᠰ ᠲᠦᠷᠦ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ︽ᠰᠢᠨ᠎ᠡ ᠪᠠᠶᠢᠳᠠᠯ ᠤᠨ | ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠬᠢᠨᠠᠯᠲᠠ | ᠲᠠᠯᠪᠢᠬᠤ ᠶᠢ ᠴᠢᠩᠭᠠᠳᠬᠠᠬᠤ 27 ᠵᠦᠢᠯ ᠤᠨ ᠬᠠᠷᠢᠭᠤᠴᠠᠯᠭ᠎ᠠ ᠶᠢᠨ ᠵᠤᠷᠪᠤᠰ ᠢ ᠲᠣᠭᠲᠠᠭᠠᠪᠠ᠃ | ᠳᠥᠷᠪᠡ ᠳᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠬᠢᠨᠠᠮᠠᠭᠠᠢ ᠨᠠᠶᠢᠳᠠᠪᠦᠷᠢᠵᠢᠭᠤᠯᠪᠠ᠃ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠲᠤᠰᠬᠠᠢ ᠬᠠᠤᠯᠢᠴᠢ ᠶᠢ ᠤᠷᠢᠵᠤ ᠬᠠᠤᠯᠢ ᠴᠠᠭᠠᠵᠠ ᠶᠢᠨ | ᠵᠥᠪᠯᠡᠭᠴᠢ ᠶᠢᠨ ᠲᠤᠰᠢᠶᠠᠯ ᠢ ᠡᠭᠦᠷᠭᠡᠯᠡᠭᠦᠯᠵᠦ᠂ 2022 ᠣᠨ ᠳᠤ ᠬᠠᠤᠯᠢ ᠴᠠᠭᠠᠵᠠ ᠶᠢᠨ ᠵᠥᠪᠯᠡᠭᠴᠢ ᠠᠴᠠ | ᠨᠡᠶᠢᠳᠡ 254 ᠬᠤᠪᠢ ᠭᠡᠷ᠎ᠡ ᠶᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠰᠠᠨᠠᠯ ᠭᠠᠷᠭᠠᠪᠠ︔ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ ᠳᠦᠷᠢᠮ ᠤᠨ ᠲᠥᠷᠥᠯ ᠤᠨ ᠪᠢᠴᠢᠭ ᠮᠠᠲ᠋ᠧᠷᠢᠶᠠᠯ ᠵᠢᠴᠢ | ᠰᠢᠢᠳᠪᠦᠷᠢᠲᠦ ᠪᠣᠳᠣᠯᠭ᠎ᠠ ᠶᠢᠨ ᠲᠥᠷᠥᠯ ᠤᠨ ᠪᠢᠴᠢᠭ ᠮᠠᠲ᠋ᠧᠷᠢᠶᠠᠯ ᠤᠨ 20 ᠰᠢᠬᠠᠮ ᠬᠤᠪᠢ ᠪᠢᠴᠢᠭ | ᠮᠠᠲ᠋ᠧᠷᠢᠶᠠᠯ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ ᠭᠠᠷᠭᠠᠪᠠ︔ ᠡᠭᠦᠨ ᠤ ᠵᠡᠷᠭᠡᠴᠡᠭᠡ | ᠪᠠᠷ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ | ᠬᠠᠤᠯᠢ ᠴᠠᠭᠠᠵᠠ ᠶᠢᠨ ᠵᠢᠭᠤᠷᠠᠯᠳᠤᠭᠠᠨ ᠪᠠ ᠵᠠᠷᠭᠤ ᠶᠢᠨ ᠬᠡᠷᠡᠭ ᠢ ᠰᠢᠢᠳᠪᠦᠷᠢᠯᠡᠬᠦ ᠳᠤ ᠢᠳᠡᠪᠬᠢᠲᠡᠢ ᠣᠷᠣᠯᠴᠠᠪᠠ᠃ | ᠲᠠᠪᠤ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ | ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠪᠥᠬᠦ ᠣᠷᠣᠨ ᠤ 12 ᠠᠶᠢᠮᠠᠭ ᠬᠤᠲᠠ ︵ᠮᠠᠨᠵᠤᠤᠷ᠂ ᠡᠷᠢᠶᠡᠨ ᠬᠤᠲᠠ ᠪᠠᠭᠲᠠᠨ᠎ᠠ︶ ᠳᠤ | ᠴᠥᠮ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠶᠢ ᠪᠠᠶᠢᠭᠤᠯᠵᠤ᠂ ᠰᠣᠶᠣᠯ᠂ ᠵᠢᠭᠤᠯᠴᠢᠯᠠᠯ᠂ ᠲᠡᠦᠬᠡ ᠶᠢᠨ ᠳᠤᠷᠠᠰᠬᠠᠯᠲᠤ ᠵᠦᠢᠯ᠂ ᠪᠡᠶ᠎ᠡ ᠶᠢᠨ ᠲᠠᠮᠢᠷ᠂ | ᠷᠠᠳᠢᠣ᠋ ᠺᠢᠨᠣ᠋ ᠲᠧᠯᠸᠢᠰ᠂ ᠰᠣᠨᠢᠨ ᠮᠡᠳᠡᠭᠡ ᠬᠡᠪᠯᠡᠯ ᠵᠡᠷᠭᠡ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠨᠢᠭᠡᠳᠦᠯᠲᠡᠢ | ᠬᠡᠷᠡᠭᠵᠢᠭᠦᠯᠦᠨ᠂ ᠠᠵᠢᠯᠲᠠᠨ ᠤ ᠣᠷᠣᠨ ᠲᠤᠭ᠎ᠠ ᠶᠢ ᠨᠠᠶᠢᠳᠠᠪᠤᠷᠢᠵᠢᠭᠤᠯᠵᠤ᠂ ︽ᠨᠢᠭᠡ ᠬᠤᠲᠠ ᠳᠤ ᠨᠢᠭᠡ | ᠡᠩᠨᠡᠭᠡ ᠲᠠᠢ ᠪᠠᠶᠢᠬᠤ︾ ᠬᠠᠷᠠᠯᠲᠠ ᠶᠢ ᠪᠡᠶᠡᠯᠡᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ | ᠵᠢᠯᠤᠭᠤᠳᠬᠤ ᠭᠠᠷᠴᠠᠭ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠰᠣᠶᠣᠯ ᠤᠨ ᠵᠠᠬ᠎ᠠ | ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ 225 ᠲᠣᠭᠲᠠᠭᠠᠪᠠ᠃ ︽ | ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠶᠢᠨ ᠰᠢᠯᠭᠠᠨ ᠦᠨᠡᠯᠡᠬᠦ ᠨᠠᠷᠢᠨ ᠳᠦᠷᠢᠮ︾ ᠢ ᠲᠡᠭᠦᠯᠳᠡᠷᠵᠢᠭᠦᠯᠵᠦ᠂ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠰᠢᠯᠭᠠᠨ | ᠬᠢᠨᠠᠬᠤ ᠡᠭᠦᠷᠭᠡ ᠳᠤ ᠣᠷᠣᠭᠤᠯᠪᠠ᠃ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠦᠶᠯᠡ ᠠᠵᠢᠯᠯᠠᠭ᠎ᠠ ᠶᠢ ᠵᠢᠷᠤᠮᠵᠢᠭᠤᠯᠵᠤ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ ᠲᠤᠰᠬᠠᠢ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠬᠠᠤᠯᠢ ᠬᠡᠷᠡᠭᠵᠢᠭᠦᠯᠬᠦ | ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠣᠭᠲᠠᠭᠤᠨ ᠲᠥᠪ ᠭᠤᠣᠯᠴᠢ ᠢᠯᠡ ᠲᠣᠳᠣ᠂ | ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠤᠯᠭᠠᠪᠠ᠃ ᠪᠥᠬᠦ ᠵᠢᠯ ᠳᠤ ᠪᠥᠬᠦ ᠣᠷᠣᠨ ᠳᠤ | ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 42.77 ᠲᠦᠮᠡᠨ ᠬᠥᠮᠥᠨ ᠤᠳᠠᠭ᠎ᠠ ᠬᠥᠳᠡᠯᠭᠡᠵᠦ᠂ ᠡᠵᠡᠩᠨᠡᠯᠲᠡ ᠶᠢᠨ | ᠨᠢᠭᠡᠴᠢ ᠶᠢ 15.06 ᠲᠦᠮᠡᠨ ᠡᠷᠦᠬᠡ ᠤᠳᠠᠭ᠎ᠠ ᠪᠠᠶᠢᠴᠠᠭᠠᠵᠤ᠂ 1526 ᠬᠡᠷᠡᠭ ᠢ ᠲᠤᠬᠠᠢ ᠶᠢᠨ ᠲᠠᠯᠠᠪᠤᠷ ᠲᠤ ᠨᠢ | ᠰᠢᠢᠳᠭᠡᠨ ᠲᠣᠷᠭᠠᠵᠤ᠂ 509 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃ ᠢᠯᠡᠴᠢᠯᠡᠨ | ᠮᠡᠳᠡᠭᠦᠯᠦᠭᠰᠡᠨ 89 ᠬᠡᠷᠡᠭ ᠢ ᠰᠢᠢᠳᠪᠦᠷᠢᠯᠡᠨ ᠳᠠᠭᠤᠰᠬᠠᠵᠤ᠂ 2 ᠬᠡᠷᠡᠭ ᠢ ᠶᠠᠭ ᠰᠢᠢᠳᠪᠦᠷᠢᠯᠡᠵᠦ ᠪᠠᠶᠢᠨ᠎ᠠ᠂ | 1751 ᠤᠳᠠᠭ᠎ᠠ ᠳᠣᠩᠭᠤᠳᠴᠤ᠂ 506 ᠤᠳᠠᠭ᠎ᠠ ᠶᠢ ᠵᠠᠷᠯᠢᠭᠳᠠᠨ ᠵᠠᠯᠠᠷᠠᠭᠤᠯᠵᠤ᠂ 37 ᠤᠳᠠᠭ᠎ᠠ ᠶᠢ ᠵᠠᠷᠯᠢᠭᠳᠠᠨ | ᠵᠣᠭᠰᠣᠭᠠᠨ ᠴᠡᠭᠴᠡᠯᠡᠵᠦ᠂ 11 ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ | 12 ᠨᠢᠭᠡᠴᠢ ᠶᠢ ᠬᠦᠴᠦᠨ ᠦᠭᠡᠢ ᠪᠣᠯᠭᠠᠵᠤ᠂ 377 ᠬᠡᠷᠡᠭ ᠢ ᠵᠣᠭᠤᠰ ᠢᠶᠠᠷ ᠲᠣᠷᠭᠠᠵᠤ᠂ ᠲᠤᠷᠭᠠᠭᠰᠠᠨ ᠵᠤᠭᠤᠰ | ᠤᠨ ᠲᠤᠭ᠎ᠠ 294.98 ᠲᠦᠮᠡᠨ ᠲᠥᠭᠦᠷᠢᠭ ᠲᠤ ᠬᠦᠷᠴᠦ᠂ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ | 99.75% ᠳᠤ ᠬᠥᠷᠪᠡ᠃ | ᠵᠢᠷᠭᠤᠭ᠎ᠠ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠶᠡᠭᠡ ᠪᠠᠷ | ᠲᠦᠯᠬᠢᠨ ᠠᠬᠢᠭᠤᠯᠪᠠ᠃ ︽ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠠᠶᠢᠭᠤᠯᠭ᠎ᠠ ᠶᠢᠨ ︿ᠬᠡᠨ ᠬᠠᠤᠯᠢ | ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ﹀ ᠳᠥᠷᠪᠡᠨ ᠳᠦᠷᠢᠮ ᠨᠢᠭᠡ ᠶᠢ ᠦᠨᠡᠯᠡᠬᠦ ᠲᠣᠭᠲᠠᠴᠠ ᠶᠢ | ᠨᠠᠶᠢᠳᠠᠪᠤᠷᠢᠵᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠴᠢᠩᠭᠠᠳᠬᠠᠪᠠ᠃ ︽ | ᠬᠠᠤᠯᠢ ᠪᠠᠷ ᠵᠠᠰᠠᠬᠤ ᠤᠯᠠᠭᠠᠨᠮᠥ᠋ᠴᠢᠷ︾ ᠤᠨ ᠬᠠᠤᠯᠢ ᠲᠦᠭᠡᠮᠡᠯᠵᠢᠭᠦᠯᠬᠦ ᠨᠠᠷᠠᠲᠤ ᠲᠥᠷᠥᠯ ᠲᠡᠮᠳᠡᠭᠲᠦ ᠶᠢ | ᠢᠳᠡᠪᠬᠢᠲᠡᠢ ᠪᠠᠷ ᠪᠣᠶ ᠪᠣᠯᠭᠠᠵᠤ᠂ ᠪᠥᠬᠦ ᠣᠷᠣᠨ ᠤ ᠦᠨᠳᠦᠰᠦᠨ ᠱᠠᠲᠤᠨ ᠤ ᠤᠯᠠᠭᠠᠨᠮᠥ᠋ᠴᠢᠷ ᠢ ᠵᠣᠬᠢᠶᠠᠨ | ᠪᠠᠶᠢᠭᠤᠯᠤᠨ ᠨᠡᠶᠢᠲᠡ 50 ᠭᠠᠷᠤᠢ ᠬᠠᠤᠯᠢ ᠪᠠᠷ ᠵᠠᠰᠠᠬᠤ ᠤᠷᠠᠨ ᠰᠠᠶᠢᠬᠠᠨ ᠤ ᠪᠦᠲᠦᠭᠡᠯ ᠢ ᠵᠣᠬᠢᠶᠠᠨ ᠪᠦᠲᠦᠭᠡᠵᠦ᠂ | ᠡᠯ᠎ᠡ ᠭᠠᠵᠠᠷ ᠤᠨ ᠤᠯᠠᠭᠠᠨᠮᠥ᠋ᠴᠢᠷ ᠤᠳ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ | ᠭᠦᠨᠵᠡᠭᠡᠶᠢᠷᠡᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠤᠷᠠᠨ ᠰᠠᠶᠢᠬᠠᠨ ᠤ ᠲᠣᠭᠯᠠᠯᠲᠠ ᠶᠢ 100 ᠭᠠᠷᠤᠢ | ᠤᠳᠠᠭ᠎ᠠ ᠥᠷᠨᠢᠭᠦᠯᠪᠡ᠃ 2022 ᠣᠨ ᠤ ︽12 · 4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ | ᠣᠷᠣᠨ ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠨ ᠬᠠᠤᠯᠢ ᠵᠢᠴᠢ ᠡᠯ᠎ᠡ ᠬᠦᠷᠢᠶᠡᠨ ᠤ ᠴᠢᠬᠤᠯᠠ | ᠬᠠᠤᠯᠢ ᠴᠠᠭᠠᠵᠠ ᠬᠠᠤᠯᠢ ᠲᠣᠭᠲᠠᠭᠠᠯ᠂ ᠢᠯᠠᠩᠭᠤᠶ᠎ᠠ ᠰᠣᠶᠣᠯ ᠵᠢᠭᠤᠯᠴᠢᠯᠠᠯ ᠤᠨ ᠬᠦᠷᠢᠶᠡᠨ ᠤ ᠬᠠᠤᠯᠢ ᠴᠠᠭᠠᠵᠠ | ᠬᠠᠤᠯᠢ ᠲᠣᠭᠲᠠᠭᠠᠯ ᠢ ᠤᠬᠠᠭᠤᠯᠤᠨ ᠰᠤᠷᠤᠯᠴᠠᠪᠠ᠃ ᠮᠦᠽᠧᠢ᠂ ᠤᠯᠠᠨ ᠨᠡᠶᠢᠲᠡ ᠶᠢᠨ ᠨᠣᠮ ᠤᠨ ᠰᠠᠩ ᠵᠡᠷᠭᠡ | ᠰᠣᠶᠣᠯ ᠪᠠ ᠵᠢᠭᠤᠯᠴᠢᠯᠠᠯ ᠤᠨ ᠲᠠᠯᠠᠪᠤᠷ ᠭᠠᠵᠠᠷ ᠤᠨ ᠴᠢᠳᠠᠮᠵᠢ ᠶᠢ ᠪᠠᠳᠠᠷᠠᠭᠤᠯᠵᠤ᠂ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠤᠨ ᠰᠤᠷᠤᠯᠴᠠᠯᠭ᠎ᠠ ᠤᠬᠠᠭᠤᠯᠭ᠎ᠠ ᠶᠢ ᠤᠯᠠᠨ ᠲᠦᠮᠡᠨ ᠤ ᠰᠣᠶᠣᠯ ᠪᠠ ᠵᠢᠭᠤᠯᠴᠢᠯᠠᠯ ᠤᠨ | ᠠᠵᠢᠯᠯᠠᠭ᠎ᠠ ᠳᠤ ᠠᠭᠤᠰᠬᠠᠨ ᠣᠷᠤᠭᠤᠯᠪᠠ᠃ | ᠲᠤᠯᠤᠭ᠎ᠠ ᠳᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢ | ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠴᠠᠭᠠᠵᠠ ᠶᠢᠨ ᠪᠣᠷᠣ ᠲᠥᠯᠥᠪ ᠤᠨ ᠳᠣᠣᠷ᠎ᠠ ᠡᠷᠬᠡ ᠶᠢ | ᠡᠮᠬᠢᠯᠡᠨ ᠳᠢᠭᠯᠡᠬᠦ ᠪᠠ ︽ᠨᠢᠭᠡ ᠶᠢ ᠴᠢᠯᠦᠭᠡᠲᠡᠢ ᠲᠠᠯᠪᠢᠵᠤ ᠭᠤᠷᠪᠠ ᠶᠢ ᠪᠠᠭᠠᠰᠬᠠᠬᠤ︾ ᠠᠵᠢᠯᠯᠠᠭ᠎ᠠ ᠶᠢ ᠥᠷᠨᠢᠭᠦᠯᠵᠦ᠂ | ᠭᠠᠳᠠᠨᠠᠬᠢ ᠵᠦᠢᠯᠡᠰ ᠢ ᠰᠢᠯᠢᠳᠡᠭᠵᠢᠭᠦᠯᠦᠨ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠶᠢ 100% ᠳᠤ | ᠬᠦᠷᠦᠭᠦᠯᠪᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠭᠤᠮᠣᠳᠠᠯ ᠱᠠᠭᠠᠷᠳᠠᠯᠭ᠎ᠠ ᠶᠢᠨ ᠠᠰᠠᠭᠤᠳᠠᠯ ᠳᠤ ᠴᠢᠭᠯᠡᠭᠦᠯᠦᠨ᠂ ᠨᠢᠭᠡ ᠠᠴᠠ ᠵᠦᠢᠴᠢᠯᠡᠵᠦ ᠭᠤᠷᠪᠠ ᠶᠢ ᠥᠪᠡᠷ ᠢᠶᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠵᠦᠢᠯᠡᠰ ᠲᠤ ᠴᠢᠭᠯᠡᠭᠦᠯᠦᠨ᠂ ᠳᠠᠭᠠᠬᠤ ᠨᠣᠷᠮ᠎ᠠ᠂ | ᠰᠢᠢᠳᠪᠦᠷᠢᠯᠡᠬᠦ ᠨᠣᠷᠮ᠎ᠠ ᠪᠠ ᠬᠠᠨᠤᠮᠵᠢ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠨᠠᠢᠮᠠ ᠳᠤ᠂ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠪᠠᠶᠢᠭᠤᠯᠤᠯᠲᠠ ᠶᠢᠨ ᠴᠡᠭᠴᠡᠯᠡᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠰᠠᠨᠠᠯ ᠢ ᠢᠳᠡᠪᠬᠢᠲᠡᠢ ᠨᠠᠶᠢᠳᠠᠪᠦᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠶᠣᠰᠣᠭᠠᠷ | ᠣᠷᠣᠨ ᠢᠶᠠᠨ ᠵᠠᠰᠠᠬᠤ ᠠᠯᠪᠠᠨ ᠭᠡᠷ ᠤᠨ ︽ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠵᠢᠴᠢ | ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠲᠤᠰᠬᠠᠢ | ᠵᠦᠢᠯ ᠤᠨ ᠰᠢᠪᠠᠳᠠᠨ ᠪᠠᠶᠢᠴᠠᠭᠠᠯᠲᠠ ᠶᠢᠨ ᠲᠤᠬᠠᠢ ᠬᠠᠷᠢᠭᠤ ᠲᠤᠰᠬᠠᠭᠰᠠᠨ ᠰᠠᠨᠠᠯ︾ ᠤᠨ ᠱᠠᠭᠠᠷᠳᠠᠯᠭ᠎ᠠ ᠶᠣᠰᠣᠭᠠᠷ᠂ | 3 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠳᠤ ᠴᠢᠭᠯᠡᠭᠦᠯᠦᠨ᠂ ᠮᠠᠨ ᠤ ᠲᠢᠩᠬᠢᠮ ᠴᠡᠭᠴᠡᠯᠡᠨ | ᠰᠠᠶᠢᠵᠢᠷᠠᠭᠤᠯᠬᠤ ᠲᠥᠰᠥᠯ ᠲᠣᠭᠲᠠᠭᠠᠵᠤ᠂ 9 ᠲᠠᠯ᠎ᠠ ᠶᠢᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠴᠤ᠂ ᠡᠭᠦᠷᠭᠡ ᠶᠢᠨ ᠬᠤᠪᠢᠶᠠᠷᠢᠯᠠᠯ ᠪᠠ ᠠᠬᠢᠴᠠ ᠶᠢᠨ ᠲᠣᠬᠢᠷᠠᠭᠤᠯᠤᠯᠲᠠ ᠶᠢ ᠬᠢᠵᠦ᠂ | ᠬᠠᠷᠢᠭᠤᠴᠠᠯᠭ᠎ᠠ ᠶᠢᠨ ᠭᠠᠵᠠᠷ ᠲᠠᠰᠤᠭ ᠢ ᠲᠣᠳᠣᠷᠬᠠᠶᠢᠯᠠᠨ᠂ ᠰᠠᠷ᠎ᠠ ᠪᠠᠷ ᠲᠣᠬᠢᠷᠠᠭᠤᠯᠵᠤ᠂ ᠪᠥᠬᠦ ᠲᠠᠯ᠎ᠠ ᠪᠠᠷ | ᠠᠬᠢᠭᠤᠯᠤᠨ ᠨᠠᠶᠢᠳᠠᠪᠤᠷᠢᠵᠢᠭᠤᠯᠪᠠ᠃ ᠣᠳᠣᠬᠠᠨ ᠳᠤ ᠨᠢᠭᠡᠨᠲᠡ ᠴᠡᠭᠴᠡᠯᠡᠨ ᠥᠭᠡᠷᠡᠴᠢᠯᠡᠵᠦ ᠳᠠᠭᠤᠰᠬᠠᠪᠠ᠃ | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ | 2022 ᠣᠨ ᠳᠤ᠂ ᠮᠠᠨ ᠤ ᠲᠢᠩᠬᠢᠮ ᠤᠨ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠬᠡᠳᠦᠶᠢᠪᠡᠷ ᠵᠣᠬᠢᠬᠤ | ᠦᠷ᠎ᠡ ᠪᠦᠲᠦᠮᠵᠢ ᠣᠯᠣᠭᠰᠠᠨ ᠪᠣᠯᠪᠠᠴᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ᠂ ᠠᠷᠠᠳ | ᠤᠯᠠᠨ ᠤ ᠬᠦᠰᠡᠯ ᠡᠷᠡᠮᠡᠯᠵᠡᠯ ᠲᠠᠢ ᠪᠠᠰᠠ ᠮᠠᠰᠢ ᠶᠡᠭᠡ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠶᠢᠵᠤ᠂ ᠤᠷᠳᠤ | ᠬᠤᠭᠤᠴᠠᠭ᠎ᠠ ᠪᠠᠷ ᠪᠠᠷᠢᠮᠲᠠᠯᠠᠵᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠲᠠᠰᠤᠷᠠᠯᠳᠡ ᠦᠭᠡᠢ | ᠰᠠᠶᠢᠵᠢᠷᠠᠭᠤᠯᠤᠨ ᠲᠡᠭᠦᠯᠳᠡᠷᠵᠢᠭᠦᠯᠬᠦ ᠴᠢᠬᠤᠯᠠ ᠲᠠᠢ ᠪᠠᠶᠢᠨ᠎ᠠ᠃ | ᠨᠢᠭᠡ ᠳᠤ᠂ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠ ᠲᠠᠢ᠂ | ᠬᠠᠤᠯᠢ ᠪᠠᠷ ᠵᠠᠰᠠᠬᠤ ᠠᠵᠢᠯ ᠪᠣᠯᠣᠨ ᠲᠤᠬᠠᠶᠢᠯᠠᠭᠰᠠᠨ ᠠᠵᠢᠯ ᠤᠨ ᠵᠣᠬᠢᠴᠠᠯᠳᠤᠨ ᠬᠥᠭᠵᠢᠬᠦ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠴᠢᠬᠤᠯᠠ ᠲᠠᠢ᠃ ᠣᠳᠣᠬᠠᠨ ᠳᠤ᠂ ᠣᠷᠣᠨ ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ ᠤᠨ | ᠰᠢᠰᠲ᠋ᠧᠮ ᠤᠨ ᠤᠳᠤᠷᠢᠳᠬᠤ ᠪᠠᠭ᠂ ᠡᠯ᠎ᠡ ᠭᠠᠵᠠᠷ ᠭᠡᠷ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ | ᠬᠠᠤᠯᠢ ᠶᠣᠰᠣᠭᠠᠷ ᠵᠠᠰᠠᠬᠤ ᠣᠶᠢᠯᠠᠭᠠᠭᠳᠠᠬᠤᠨ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠂ ᠭᠡᠪᠡᠴᠦ ᠡᠳᠦᠷ | ᠲᠤᠲᠤᠮ ᠤᠨ ᠠᠵᠢᠯ ᠤᠨ ᠳᠤᠮᠳᠠ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠪᠠ ᠪᠣᠳᠠᠲᠠᠢ ᠲᠤᠬᠠᠶᠢᠯᠠᠭᠰᠠᠨ | ᠠᠵᠢᠯ ᠢ ᠬᠡᠷᠬᠢᠨ ᠬᠠᠮᠵᠢᠯᠴᠠᠨ ᠠᠬᠢᠭᠤᠯᠵᠤ᠂ ᠦᠨᠡᠨ ᠬᠦ ᠬᠠᠤᠯᠢ ᠶᠢ ᠣᠶᠢᠯᠠᠭᠠᠵᠤ ᠬᠠᠤᠯᠢ ᠶᠢ ᠬᠦᠨᠳᠦᠳᠬᠡᠨ | ᠬᠠᠤᠯᠢ ᠶᠢ ᠬᠡᠷᠡᠭᠯᠡᠬᠦ ᠶᠢ ᠪᠡᠶᠡᠯᠡᠭᠦᠯᠬᠦ ᠳᠤ ᠪᠠᠰᠠ ᠵᠣᠬᠢᠬᠤ ᠬᠡᠮᠵᠢᠶᠡᠨ ᠤ ᠳᠡᠭᠡᠭᠰᠢᠯᠡᠭᠦᠯᠬᠦ ᠣᠷᠣᠨ ᠵᠠᠢ ᠲᠠᠢ ᠪᠠᠶᠢᠨ᠎ᠠ᠃ | ᠵᠢᠱᠢᠶᠡᠯᠡᠪᠡᠯ᠄ ᠵᠠᠷᠢᠮ ᠰᠢᠭᠤᠳ ᠬᠠᠷᠢᠶ᠎ᠠ ᠨᠢᠭᠡᠴᠢ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ | ᠭᠤᠣᠯᠳᠠᠭᠤ ᠬᠠᠤᠯᠢ ᠴᠠᠭᠠᠵᠠ ᠶᠢᠨ ᠤᠬᠠᠭᠤᠯᠭ᠎ᠠ᠂ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠤᠨ | ᠰᠤᠷᠤᠯᠴᠠᠯᠭ᠎ᠠ ᠶᠢᠨ ᠬᠡᠯᠪᠡᠷᠢ ᠪᠠᠷ ᠢᠯᠡᠷᠡᠭᠦᠯᠵᠦ᠂ ᠬᠠᠤᠯᠢ ᠪᠠᠷ ᠵᠠᠰᠠᠬᠤ ᠠᠵᠢᠯ ᠤᠨ ᠲᠥᠯᠦᠪᠵᠢᠭᠦᠯᠭᠡ ᠶᠢᠨ | ᠪᠠᠶᠢᠷᠢᠯᠠᠭᠤᠯᠤᠯᠲᠠ ᠶᠢ ᠰᠢᠪᠠᠳᠠᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠤᠯᠠᠮ ᠨᠢᠭᠡ | ᠠᠯᠬᠤᠮ ᠲᠡᠭᠦᠯᠳᠡᠷᠵᠢᠭᠦᠯᠬᠦ ᠴᠢᠬᠤᠯᠠ ᠲᠠᠢ ᠪᠠᠶᠢᠨ᠎ᠠ᠃ | ᠬᠤᠶᠠᠷ ᠲᠤ᠂ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠ | ᠲᠠᠢ ᠂ ᠬᠠᠤᠯᠢ ᠬᠡᠷᠡᠭᠵᠢᠭᠦᠯᠬᠦ ᠬᠡᠯᠪᠡᠷᠢ ᠪᠠ ᠠᠷᠭ᠎ᠠ ᠪᠠᠷᠢᠯ ᠤᠨ ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ | ᠡᠭᠦᠳᠬᠦ ᠴᠢᠬᠤᠯᠠ ᠲᠠᠢ ᠃ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠨᠢ | ᠰᠣᠶᠣᠯ᠂ ᠵᠢᠭᠤᠯᠴᠢᠯᠠᠯ᠂ ᠰᠣᠨᠢᠨ ᠮᠡᠳᠡᠭᠡ ᠬᠡᠪᠯᠡᠯ ᠵᠡᠷᠭᠡ ᠤᠯᠠᠨ ᠬᠦᠷᠢᠶᠡᠨ ᠳᠤ ᠬᠤᠯᠪᠣᠭᠳᠠᠵᠤ᠂ ᠬᠤᠯᠪᠣᠭᠳᠠᠬᠤ | ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠡᠯᠢᠶᠡᠳ ᠤᠯᠠᠨ᠂ | ᠴᠡᠭ ᠤᠯᠠᠨ ᠲᠠᠯ᠎ᠠ ᠥᠷᠭᠡᠨ ᠪᠣᠯᠬᠤᠷ ᠠᠵᠢᠯᠲᠠᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠣᠨ ᠬᠠᠤᠯᠢ | ᠬᠡᠷᠡᠭᠵᠢᠭᠦᠯᠬᠦ ᠲᠦᠪᠰᠢᠨ ᠳᠤ ᠰᠢᠨ᠎ᠡ ᠱᠠᠭᠠᠷᠳᠠᠯᠭ᠎ᠠ ᠳᠤᠷᠠᠳᠴᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠣᠨ | ᠳᠦᠷᠦ ᠶᠢᠨ ᠪᠣᠳᠣᠯᠭ᠎ᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠴᠢᠬᠤᠯᠠ ᠲᠠᠢ ᠪᠠᠶᠢᠨ᠎ᠠ᠃ | ᠤᠯᠠᠮᠵᠢᠯᠠᠯᠲᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠨᠢ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠨᠡᠩ ᠴᠢᠬᠤᠯᠠᠴᠢᠯᠠᠵᠤ᠂ ᠬᠠᠤᠯᠢ ᠬᠡᠷᠡᠭᠵᠢᠭᠦᠯᠬᠦ ᠬᠡᠯᠪᠡᠷᠢ ᠨᠢ ᠰᠡᠷᠡᠮᠵᠢᠯᠡᠬᠦᠯᠬᠦ᠂ ᠵᠣᠭᠤᠰ ᠢᠶᠠᠷ ᠲᠣᠷᠭᠠᠬᠤ ᠵᠡᠷᠭᠡ | ᠬᠠᠲᠠᠭᠤ ᠠᠷᠭ᠎ᠠ ᠪᠠᠷᠢᠯ ᠢ ᠨᠡᠩ ᠴᠢᠬᠤᠯᠠᠴᠢᠯᠠᠵᠤ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ ᠨᠢ ᠨᠡᠯᠢᠶᠡᠳ ᠳᠠᠩ | ᠴᠤᠯᠭᠤᠢ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠨᠢ ᠨᠡᠯᠢᠶᠡᠳ ᠪᠦᠳᠦᠭᠦᠯᠢᠭ ᠪᠠᠶᠢᠵᠤ᠂ ᠬᠠᠤᠯᠢ ᠬᠡᠷᠡᠭᠵᠢᠭᠦᠯᠬᠦ | ᠳ᠋ᠦᠢᠰᠢᠶᠠᠩ ᠢ ᠠᠮᠠᠷᠬᠠᠨ ᠡ᠊ᠨᠳᠡᠭᠦᠷᠡᠭᠦᠯᠬᠦ ᠪᠠ ᠳᠤᠷ᠎ᠠ ᠦᠭᠡᠶᠢᠴᠡᠭᠦᠯᠬᠦ ᠪᠣᠯᠭᠠᠵᠤ᠂ ᠬᠠᠤᠯᠢ ᠬᠡᠷᠡᠭᠵᠢᠭᠦᠯᠬᠦ | ᠵᠣᠷᠢᠯᠭ᠎ᠠ ᠶᠢ ᠦᠨᠡᠨ ᠬᠦ ᠪᠡᠶᠡᠯᠡᠭᠦᠯᠬᠦ ᠳᠤ ᠠᠰᠢᠭ ᠦᠭᠡᠢ ᠪᠠᠶᠢᠳᠠᠭ᠃ | ᠭᠤᠷᠪᠠ ᠳᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠥᠷᠭᠡᠴᠡ ᠪᠠ ᠭᠦᠨᠴᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠴᠢᠬᠤᠯᠠ ᠲᠠᠢ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠬᠡᠯᠪᠡᠷᠢ ᠶᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠴᠢᠬᠤᠯᠠ ᠲᠠᠢ ᠪᠠᠶᠢᠨ᠎ᠠ᠃ ᠮᠠᠨ ᠤ ᠣᠳᠣᠬᠠᠨ ᠤ | ᠬᠠᠤᠯᠢᠵᠢᠯ ᠤᠨ ᠤᠬᠠᠭᠤᠯᠭ᠎ᠠ ᠳᠤ ᠭᠤᠣᠯᠳᠠᠭᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠡᠳᠦᠷ ᠪᠣᠯᠣᠨ | ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠲᠦᠰᠢᠭᠯᠡᠵᠦ᠂ ᠡᠳᠦᠷ | ᠳᠤᠳᠤᠮ ᠤᠨ ᠤᠬᠠᠭᠤᠯᠭ᠎ᠠ ᠪᠠᠷ ᠲᠡᠶᠢᠮᠦ ᠪᠠᠶᠠᠯᠢᠭ ᠪᠢᠰᠢ ᠪᠠᠶᠢᠨ᠎ᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠣᠯᠠᠩᠬᠢ ᠨᠢ ᠲᠤᠰᠬᠠᠢ ᠲᠠᠯᠠᠪᠤᠷ ᠤᠨ ᠦᠵᠡᠭᠦᠯᠭᠡ ᠶᠢᠨ ᠲᠠᠶᠢᠰᠠ᠂ ᠠᠯᠪᠠᠨ ᠤ | ᠰᠦᠯᠵᠢᠶ᠎ᠡ᠂ ᠬᠠᠤᠯᠢ ᠴᠠᠭᠠᠵᠠ ᠶᠢᠨ ᠭᠠᠷ ᠠᠪᠤᠯᠭ᠎ᠠ ᠶᠢ ᠲᠠᠷᠬᠠᠭᠠᠬᠤ ᠵᠡᠷᠭᠡ ᠠᠷᠭ᠎ᠠ ᠪᠠᠷᠢᠯ ᠳᠤ ᠲᠦᠰᠢᠭᠯᠡᠵᠦ᠂ | ᠤᠯᠠᠨ ᠲᠦᠮᠡᠨ ᠤ ᠲᠠᠰᠤᠷᠠᠯᠲᠠ ᠦᠭᠡᠢ ᠬᠤᠪᠢᠷᠠᠵᠤ ᠪᠠᠶᠢᠭ᠎ᠠ ᠬᠡᠷᠡᠭᠴᠡᠭᠡ ᠶᠢ ᠬᠠᠩᠭᠠᠬᠤ ᠶᠢᠨ ᠠᠷᠭ᠎ᠠ ᠦᠭᠡᠢ᠃ | ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ | ᠲᠠᠷᠠᠭᠠᠴᠢ ᠶᠢᠨ ᠠᠯᠬᠤᠮ ᠳᠤ᠂ ᠪᠢᠳᠡ ᠨᠠᠩ ᠥᠨᠳᠥᠷ ᠤᠯᠤᠰ ᠲᠥᠷᠥ ᠶᠢᠨ ᠤᠬᠠᠮᠰᠠᠷ᠂ ᠨᠠᠩ ᠡᠷᠡᠰ ᠪᠠᠲᠤ | ᠢᠲᠡᠭᠡᠯ ᠵᠣᠷᠢᠭ᠂ ᠨᠠᠩ ᠬᠦᠴᠦᠲᠡᠢ ᠠᠷᠭ᠎ᠠ ᠬᠡᠮᠵᠢᠶ᠎ᠡ ᠪᠠᠷ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠠᠤᠯᠢ ᠪᠠᠷ | ᠵᠠᠰᠠᠬᠤ ᠪᠠᠶᠢᠭᠤᠯᠤᠯᠲᠠ ᠶᠢᠨ ᠠᠵᠢᠯ ᠤᠨ ᠰᠢᠨ᠎ᠡ ᠳᠡᠭᠲᠡᠷ ᠲᠤ ᠳᠠᠬᠢᠨ ᠭᠠᠷᠬᠤ ᠶᠢ ᠪᠥᠬᠦ ᠲᠠᠯ᠎ᠠ ᠪᠠᠷ ᠲᠦᠯᠬᠢᠨ | ᠠᠬᠢᠭᠤᠯᠤᠨ᠎ᠠ᠃ | ᠨᠢᠭᠡ ᠳᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ | ᠰᠤᠷᠤᠯᠴᠠᠨ ᠲᠤᠭᠤᠰᠢᠯᠠᠭᠤᠯᠤᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠭᠤᠣᠯ ᠠᠭᠤᠯᠭ᠎ᠠ | ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠰᠤᠷᠤᠯᠴᠠᠨ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠵᠤ | ᠪᠣᠳᠠᠲᠠᠶᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠨ᠎ᠠ᠃ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ | ᠵᠠᠰᠠᠬᠤ ᠲᠤᠬᠠᠢ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠪᠠ ᠪᠥᠬᠦ ᠲᠠᠯ᠎ᠠ ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠠᠤᠯᠢ ᠪᠠᠷ | ᠵᠠᠰᠠᠬᠤ ᠠᠵᠢᠯ ᠳᠤ ᠬᠢ ᠨᠠᠮ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠲᠠᠯ᠎ᠠ ᠪᠠᠷ | ᠬᠠᠤᠯᠢ ᠪᠠᠷ ᠣᠷᠣᠨ ᠢᠶᠠᠨ ᠵᠠᠰᠠᠬᠤ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃ | ᠬᠤᠶᠠᠷ ᠲᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠪᠣᠳᠠᠲᠠᠶᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ | ᠴᠢᠩᠭ᠎ᠠ ᠬᠡᠷᠡᠭᠵᠢᠭᠦᠯᠦᠨ᠎ᠡ᠃ ︽ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ | ᠬᠠᠷᠢᠭᠤᠴᠠᠯᠭ᠎ᠠ ᠶᠢ ᠭᠦᠢᠴᠡᠳᠬᠡᠬᠦ ᠲᠤᠬᠠᠢ ᠲᠣᠭᠲᠠᠭᠠᠯ︾ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠠᠯᠠᠭ᠎ᠠ ᠮᠥᠴᠢᠷ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ | ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠲᠠᠰᠤᠷᠠᠯᠳᠡ ᠦᠭᠡᠢ ᠴᠢᠩᠭ᠎ᠠ ᠠᠳᠬᠤᠨ | ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠯᠡᠨ ᠰᠦᠪᠡᠭᠴᠢᠯᠡᠬᠦ ᠪᠠᠨ ᠴᠢᠩᠭᠠᠳᠬᠠᠵᠤ᠂ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ | ᠨᠠᠶᠢᠳᠠᠪᠤᠷᠢᠵᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠣᠯᠠᠨ ᠨᠡᠶᠢᠲᠡ ᠪᠠᠷ ᠢᠶᠠᠨ ᠣᠷᠤᠯᠴᠠᠬᠤ᠂ | ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ | ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠵᠠᠰᠠᠭ ᠵᠠᠬᠢᠷᠭᠠᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠭᠦᠢᠴᠡᠳᠬᠡᠨ᠎ᠡ᠃ ᠬᠠᠤᠯᠢ ᠴᠠᠭᠠᠵᠠ ᠶᠢᠨ | ᠵᠥᠪᠯᠡᠭᠴᠢ ᠶᠢᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ | ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤᠮᠳᠠᠬᠢ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠪᠠᠳᠠᠷᠠᠭᠤᠯᠤᠨ᠎ᠠ᠃ | ᠭᠤᠷᠪᠠ ᠳᠤ᠂ ᠬᠠᠤᠯᠢ ᠲᠣᠭᠲᠠᠭᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠠᠤᠯᠢ ᠴᠠᠭᠠᠵᠠ ᠶᠢᠨ ᠲᠢᠩᠬᠢᠮ ᠢ ᠢᠳᠡᠪᠬᠢᠲᠡᠢ | ᠵᠣᠬᠢᠴᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠳᠦᠷᠢᠮ︾ ᠤᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ ᠠᠬᠢᠭᠤᠯᠵᠤ᠂ ᠡᠮᠦᠨᠡᠬᠢ | ᠬᠤᠭᠤᠴᠠᠭᠠᠨ ᠤ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠪᠠ ᠲᠥᠰᠥᠯ ᠢ ᠲᠤᠭᠤᠷᠪᠢᠨ ᠲᠣᠭᠲᠠᠭᠠᠬᠤ | ᠠᠵᠢᠯ ᠢ ᠥᠷᠨᠢᠭᠦᠯᠦᠨ᠎ᠡ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠤᠯᠢ ᠲᠣᠭᠲᠠᠭᠠᠯ ᠶᠣᠰᠣᠭᠠᠷ | ᠲᠣᠭᠲᠠᠭᠠᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠ ᠲᠤᠰᠬᠠᠢ | ᠵᠦᠢᠯ ᠢᠶᠠᠷ ᠡᠮᠬᠢᠯᠡᠵᠦ ᠲᠢᠭᠯᠡᠬᠦ ᠠᠵᠢᠯ ᠢ ᠥᠷᠨᠢᠬᠦᠯᠦᠨ᠎ᠡ᠃ | ᠳᠥᠷᠪᠡ ᠳᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ | ᠬᠡᠷᠡᠭᠵᠢᠭᠦᠯᠬᠦ ᠬᠡᠯᠪᠡᠷᠢ ᠶᠢ ᠵᠢᠷᠤᠮᠵᠢᠭᠤᠯᠤᠨ ᠰᠢᠨ᠎ᠡ ᠶᠢ ᠡᠭᠦᠳᠦᠨ᠎ᠡ᠃ ︽ᠬᠡᠨ ᠬᠢᠨᠠᠨ ᠵᠥᠪᠰᠢᠶᠡᠷᠡᠪᠡᠯ ᠬᠡᠨ | ᠬᠠᠷᠢᠭᠤᠴᠠᠬᠤ︾᠂ ︽ᠬᠡᠨ ᠭᠤᠣᠯᠴᠢᠯᠠᠨ ᠬᠠᠮᠢᠶᠠᠷᠪᠠᠯ ᠬᠡᠨ ᠬᠢᠨᠠᠨ ᠬᠠᠮᠢᠶᠠᠷᠬᠤ︾ ᠠᠵᠢᠯ ᠤᠨ ᠡᠭᠦᠷᠭᠡ | ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠵᠣᠷᠢᠭᠤᠳᠠ ᠭᠠᠷ ᠲᠦᠷᠦᠭᠦ ᠶᠢ ᠪᠠᠭᠠᠰᠬᠠᠨ᠂ ᠴᠢᠯᠦᠭᠡᠲᠡᠢ | ᠲᠠᠰᠤᠯᠤᠯᠲᠠ ᠶᠢᠨ ᠣᠷᠣᠨ ᠵᠠᠢ ᠶᠢ ᠪᠠᠭᠠᠰᠬᠠᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ︽ᠢᠨᠲ᠋ᠧᠷ ᠰᠦᠯᠵᠢᠶ᠎ᠡ + ᠬᠢᠨᠠᠯᠲᠠ | ᠬᠠᠮᠢᠶᠠᠷᠤᠯᠲᠠ︾ ᠶᠢᠨ ᠠᠷᠭ᠎ᠠ ᠮᠠᠶ᠋ᠢᠭ ᠤᠨ ᠬᠡᠷᠡᠭᠯᠡᠯᠲᠡ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ | ᠪᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠰᠦᠯᠵᠢᠶᠡᠨ ᠤ ᠪᠠᠶᠢᠩᠭᠤ ᠶᠢᠨ ᠬᠢᠨᠠᠨ ᠬᠡᠮᠵᠢᠯᠲᠡ ᠶᠢ ᠲᠦᠯᠬᠢᠨ ᠠᠬᠢᠭᠤᠯᠵᠤ᠂ ᠰᠦᠯᠵᠢᠶᠡᠨ ᠤ ᠰᠣᠶᠣᠯ᠂ | ᠰᠦᠯᠵᠢᠶᠡᠨ ᠤ ᠵᠢᠭᠤᠯᠴᠢᠯᠠᠯ ᠵᠡᠷᠭᠡ ᠵᠠᠬ᠎ᠠ ᠳᠡᠯᠭᠡᠭᠦᠷ ᠤᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠢᠳᠡᠪᠬᠢᠲᠡᠢ ᠪᠠᠷ | ᠠᠷᠭᠠᠴᠠᠨ᠎ᠠ᠃ | ᠲᠠᠪᠤ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠲᠠᠰᠤᠷᠠᠯᠲᠠ ᠦᠭᠡᠢ | ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽12· 4︾ ᠤ | ᠤᠯᠤᠰ ᠤᠨ ᠦᠨᠳᠦᠰᠦᠨ ᠬᠠᠤᠯᠢ ᠶᠢᠨ ᠡᠳᠦᠷ᠂ ︽5 · 19︾ ᠤ ᠳᠤᠮᠳᠠᠳᠤ ᠤᠯᠤᠰ ᠤᠨ ᠵᠢᠭᠤᠯᠴᠢᠯᠠᠯ ᠤᠨ | ᠡᠳᠦᠷ᠂ ᠰᠣᠶᠣᠯ ᠤᠨ ᠪᠠ ᠪᠠᠶᠢᠭᠠᠯᠢ ᠶᠢᠨ ᠥᠪ ᠤᠨ ᠡᠳᠦᠷ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠤᠨ | ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ᠎ᠠ᠃ ᠬᠠᠤᠯᠢ ᠪᠠᠷ ᠵᠠᠰᠠᠬᠤ | ᠪᠣᠯᠪᠠᠰᠤᠷᠠᠭᠤᠯᠤᠯ ᠬᠥᠮᠦᠵᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠰᠢᠭᠦᠬᠦ ᠬᠤᠷᠢᠶᠠᠨ ᠤ | ᠲᠢᠩᠬᠢᠮ ᠤᠨ ᠰᠢᠭᠦᠯᠲᠡ ᠶᠢ ᠰᠤᠯᠠ ᠰᠣᠨᠣᠰᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠦᠨ᠎ᠡ᠃ | ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ᠂ ᠣᠯᠠᠨ ᠨᠡᠶᠢᠲᠡ ᠶᠢᠨ ᠰᠣᠶᠣᠯ ᠤᠨ | ᠪᠠᠶᠢᠭᠤᠯᠤᠮᠵᠢ ᠵᠢᠴᠢ ᠬᠤᠪᠢᠰᠬᠠᠯ ᠤᠨ ᠲᠠᠶᠢᠯᠪᠤᠷᠢᠯᠠᠭᠴᠢ ᠵᠡᠷᠭᠡ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ | ᠭᠠᠵᠠᠷ ᠪᠠ ᠡᠩᠨᠡᠭᠡ ᠳᠤ ᠭᠦᠢᠴᠡᠳ ᠲᠦᠰᠢᠭᠯᠡᠵᠦ᠂ ᠬᠠᠤᠯᠢ ᠪᠠᠷ ᠵᠠᠰᠠᠬᠤ ᠰᠣᠶᠣᠯ ᠤᠨ ᠠᠵᠢᠯᠯᠠᠭ᠎ᠠ ᠪᠠ ᠬᠠᠤᠯᠢ ᠪᠠᠷ | ᠵᠠᠰᠠᠬᠤ ᠤᠬᠠᠭᠤᠯᠭ᠎ᠠ ᠶᠢ ᠥᠷᠨᠢᠭᠦᠯᠦᠨ᠎ᠡ᠃ | ᠵᠢᠷᠭᠤᠭ᠎ᠠ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠬᠥᠳᠡᠯᠦᠩᠭᠦᠢ ᠲᠣᠬᠢᠷᠠᠭᠤᠯᠤᠯᠲᠠ ᠶᠢ ᠰᠠᠶᠢᠲᠤᠷ ᠬᠢᠵᠦ᠂ ︽ᠬᠤᠶᠠᠷ ᠰᠢᠯᠢᠳᠡᠭ︾ ᠤᠨ ᠲᠤᠰᠬᠠᠢ ᠵᠦᠢᠯ ᠤᠨ ᠠᠵᠢᠯ ᠢ | ᠰᠠᠶᠢᠲᠤᠷ ᠨᠠᠶᠢᠳᠠᠪᠤᠷᠢᠵᠢᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ | ᠤᠯᠠᠮ ᠨᠢᠭᠡ ᠠᠯᠬᠤᠮ ᠥᠷᠭᠡᠳᠬᠡᠵᠦ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ᠃ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠣᠶᠣᠯ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ | ᠠᠬᠢᠭᠤᠯᠤᠨ᠎ᠠ᠃ |