ᠮᠠᠨᠵᠤᠤᠷ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠣᠳᠣᠨ ᠲᠠᠰ ᠤᠨ ᠵᠣᠴᠢᠳ ᠤᠨ ᠪᠠᠭᠤᠳᠠᠯ᠂ ᠵᠢᠭᠤᠯᠴᠢᠯᠠᠯ ᠤᠨ ᠬᠤᠷᠢᠶ᠎ᠠ  ᠳᠤ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/3/2
     2 ᠳ᠋ᠤᠭᠠᠷ ᠰᠠᠷ᠎ᠠ ᠶᠢᠨ 24 ᠤ ᠡᠳᠦᠷ ᠤᠨ ᠮᠠᠨᠵᠤᠤᠷ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ 2023 ᠣᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠱᠠᠭᠠᠷᠳᠠᠯᠭ᠎ᠠ ᠶᠣᠰᠣᠭᠠᠷ᠂ ︽ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠵᠠᠰᠠᠵᠤ᠂ ᠠᠶᠤᠯ ᠦᠭᠡᠢ ᠦᠢᠯᠡᠳᠪᠦᠷᠢᠯᠡᠯ ᠢ ᠴᠠᠭ ᠢᠮᠠᠭᠲᠠ ᠰᠡᠷᠡᠮᠵᠢᠯᠡᠭᠦᠯᠵᠦ᠂ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠬᠦ ᠶᠢᠨ ᠲᠥᠯᠥᠭᠡ᠂ 2 ᠳ᠋ᠤᠭᠠᠷ ᠰᠠᠷ᠎ᠠ ᠶᠢᠨ 25 ᠤ ᠡᠳᠦᠷ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠣᠳᠣᠨ ᠲᠠᠰ ᠤᠨ ᠪᠠᠭᠤᠳᠠᠯ᠂ ᠵᠢᠭᠤᠯᠴᠢᠯᠠᠯ ᠤᠨ  ᠬᠤᠷᠢᠶ᠎ᠠ ᠳᠤ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠬᠢᠨᠠᠯᠲᠠ ᠪᠠᠶᠢᠴᠠᠭᠠᠯᠲᠠ ᠬᠢᠪᠡ᠃      ᠲᠣᠰ ᠤᠳᠠᠭᠠᠨ ᠤ ᠪᠠᠶᠢᠴᠠᠭᠠᠯᠲᠠ ᠳᠤ ᠣᠳᠣᠨ ᠲᠠᠰ ᠤᠨ ᠵᠣᠴᠢᠳ ᠤᠨ ᠪᠠᠭᠤᠳᠠᠯ ᠤᠨ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠪᠠ ᠢᠳᠡᠭᠡᠨ ᠤᠮᠳᠠᠭᠠᠨ ᠤ ᠠᠮᠤᠷ ᠲᠦᠪᠰᠢᠨ ᠤ ᠲᠤᠬᠠᠢ ᠲᠣᠰ ᠲᠣᠰ ᠨᠠᠷᠢᠨ ᠪᠠᠶᠢᠴᠠᠭᠠᠯᠲᠠ ᠬᠢᠪᠡ᠃ ᠢᠯᠠᠩᠭᠤᠶ᠎ᠠ ᠠᠶᠤᠯ ᠦᠭᠡᠢ ᠶᠢᠨ ᠭᠠᠷᠴᠠ ᠵᠢᠴᠢ ᠭᠠᠯ ᠰᠡᠷᠭᠡᠶᠢᠯᠡᠨ ᠤᠨᠲᠠᠷᠠᠭᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠪᠠᠴᠢᠮ ᠪᠠᠶᠢᠳᠠᠯ ᠢ ᠠᠷᠭᠠᠴᠠᠬᠤ ᠲᠥᠰᠥᠯ  ᠨᠢ ᠪᠦᠷᠢᠨ ᠲᠡᠭᠦᠯᠳᠡᠷ ᠡᠰᠡᠬᠦ᠂ ᠴᠠᠬᠢᠯᠭᠠᠨ ᠱᠠᠲᠤ᠂ ᠢᠳᠡᠭᠡᠨ ᠤ ᠠᠮᠤᠷ ᠲᠦᠪᠰᠢᠨ᠂ ᠲᠣᠭᠤᠭᠠᠨ ᠭᠡᠷ ᠤᠨ ᠰᠢᠲᠠᠭᠠᠯᠭ᠎ᠠ ᠶᠢᠨ ᠲᠥᠬᠦᠭᠡᠷᠦᠮᠵᠢ ᠶᠢᠨ ᠬᠡᠷᠡᠭᠯᠡᠯᠲᠡ ᠶᠢᠨ ᠳᠠᠩᠰᠠᠯᠠᠯᠲᠠ ᠪᠠ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠭᠰᠠᠨ ᠪᠠᠶᠢᠳᠠᠯ ᠳᠤ ᠪᠠᠶᠢᠴᠠᠭᠠᠯᠲᠠ ᠬᠢᠪᠡ᠃ ᠡᠭᠦᠨ ᠤ ᠬᠠᠮᠲᠤ ᠵᠢᠭᠤᠯᠴᠢᠯᠠᠯ ᠤᠨ ᠬᠤᠷᠢᠶ᠎ᠠ  ᠶᠢ ᠵᠢᠭᠤᠯᠴᠢᠯᠠᠭᠴᠢᠳ ᠲᠠᠢ ᠵᠢᠭᠤᠯᠴᠢᠯᠠᠯ ᠤᠨ ᠭᠡᠷ᠎ᠡ ᠶᠢ ᠵᠢᠷᠤᠮᠵᠢᠭᠤᠯᠤᠨ ᠲᠣᠭᠲᠠᠭᠠᠵᠤ᠂ ᠭᠡᠷ᠎ᠡ ᠲᠣᠭᠲᠠᠬᠤ ᠠᠴᠠ ᠡᠮᠦᠨ᠎ᠡ ᠬᠤᠯᠪᠣᠭᠳᠠᠯ ᠪᠦᠬᠦᠢ ᠲᠣᠳᠣᠷᠬᠠᠶᠢᠯᠠᠯᠲᠠ ᠵᠢᠴᠢ ᠠᠮᠤᠷ ᠲᠦᠪᠰᠢᠨ ᠤ ᠰᠠᠨᠠᠭᠤᠯᠤᠮᠵᠢ ᠶᠢᠨ ᠠᠵᠢᠯ ᠢ ᠰᠠᠶᠢᠲᠤᠷ ᠬᠢᠵᠦ᠂ ᠬᠠᠤᠯᠢ ᠶᠣᠰᠣᠨ ᠤ ᠬᠢᠷᠢ ᠬᠡᠮ ᠲᠠᠢ ᠵᠢᠭᠤᠯᠴᠢᠯᠠᠯ ᠤᠨ ᠲᠡᠷᠭᠡ ᠬᠥᠰᠬᠡ ᠶᠢ ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃ ᠡᠯ᠎ᠡ ᠵᠢᠭᠤᠯᠴᠢᠯᠠᠯ ᠤᠨ ᠠᠵᠤ ᠠᠬᠤᠶᠢᠯᠠᠯ ᠤᠨ ᠬᠢᠨ ᠠᠶᠤᠯ ᠦᠭᠡᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ  ᠲᠤᠭᠤᠰᠢᠲᠠᠢ ᠮᠥᠷᠳᠡᠵᠦ᠂ ᠠᠮᠤᠷ ᠲᠦᠪᠰᠢᠨ ᠤ ᠭᠡᠮ ᠰᠣᠭᠤᠭ ᠢ ᠳᠠᠷᠤᠶᠢᠬᠠᠨ ᠠᠷᠢᠯᠭᠠᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠮᠠᠨᠵᠤᠤᠷ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号