2 ᠳ᠋ᠤᠭᠠᠷ ᠰᠠᠷ᠎ᠠ ᠶᠢᠨ 22 ᠤᠨ ᠡᠳᠦᠷ᠂ 2023 ᠣᠨ ᠤ ᠪᠠᠶᠠᠨᠨᠠᠭᠤᠷ ᠬᠤᠲᠠ ᠶᠢᠨ ᠰᠣᠶᠣᠯ ᠰᠢᠨᠵᠢᠯᠡᠬᠦ | ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠲᠥᠪᠯᠡᠷᠡᠩᠭᠦᠢ ᠵᠢᠱᠢᠶ᠎ᠡ | ᠦᠵᠡᠭᠦᠯᠬᠦ ᠠᠵᠢᠯᠯᠠᠭ᠎ᠠ ᠵᠢᠴᠢ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠠᠷᠠᠭᠤᠨ ᠬᠡᠰᠡᠭ ᠤᠨ | ᠬᠠᠪᠤᠷ ᠤᠨ ᠤᠯᠠᠷᠢᠯ ᠤᠨ ᠲᠠᠷᠢᠶᠠᠯᠠᠩ ᠤᠨ ᠮᠠᠰᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠦᠵᠡᠭᠦᠯᠭᠡ ᠶᠢᠨ ᠡᠬᠢᠯᠡᠯᠲᠡ ᠶᠢᠨ ᠶᠣᠰᠣᠯᠠᠯ ᠯᠢᠨ ᠾᠧ ᠲᠣᠭᠤᠷᠢᠭ ᠤᠨ ᠪᠠᠷᠠᠭᠤᠨ ᠥᠷᠲᠡᠭᠡᠨ ᠤ ᠡᠮᠦᠨ᠎ᠡ | ᠲᠠᠯᠠᠪᠠᠶ ᠳᠤ ᠶᠠᠪᠤᠭᠳᠠᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠲᠤᠯᠤᠭᠠᠶᠢᠯᠠᠨ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 42 ᠪᠦᠷᠢᠯᠳᠦᠭᠦᠨ | ᠨᠢᠭᠡᠴᠢ ᠬᠠᠮᠲᠤᠷᠠᠨ ᠡᠷᠭᠢᠯᠡᠵᠦ᠂ ᠨᠠᠩ ᠣᠯᠠᠨ ᠰᠢᠯᠢᠳᠡᠭ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ ᠲᠡᠶᠢᠰᠢ | ᠥᠷᠭᠡᠳᠬᠡᠵᠦ᠂ ᠨᠠᠩ ᠣᠯᠠᠨ ᠲᠥᠷᠥᠯ ᠵᠦᠢᠯ ᠤᠨ ᠪᠡᠯᠡ ᠮᠥᠩᠭᠦ ᠶᠢ ᠮᠠᠯᠵᠢᠬᠤ ᠲᠠᠷᠢᠶᠠᠯᠠᠬᠤ ᠣᠷᠣᠨ ᠲᠡᠶᠢᠰᠢ | ᠬᠡᠯᠪᠡᠶᠢᠯᠭᠡᠵᠦ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ | ᠪᠠᠶᠢᠭᠤᠯᠤᠯᠲᠠ ᠶᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠪᠥᠬᠦ ᠲᠠᠯ᠎ᠠ ᠪᠠᠷ ᠬᠦᠴᠦ ᠨᠡᠮᠡᠷᠢᠯᠡᠵᠦ᠂ | ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠪᠠᠷ ᠵᠣᠷᠢᠯᠭ᠎ᠠ ᠪᠠᠨ | ᠪᠣᠯᠭᠠᠭᠰᠠᠨ ᠶᠤᠮ᠃ |