ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ | ᠱᠤᠭᠤᠮ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠠᠳᠡᠯ ᠭᠠᠷᠬᠤ ᠶᠢ | ᠪᠦᠲᠦᠮᠵᠢᠲᠡᠶ ᠪᠠᠷ ᠰᠡᠷᠭᠡᠶᠢᠯᠡᠨ ᠰᠡᠷᠡᠮᠵᠢᠯᠡᠵᠦ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ | ᠲᠤᠬᠠᠢ ᠳᠤ ᠨᠢ ᠠᠷᠢᠯᠭᠠᠵᠤ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠪᠠᠲᠤᠯᠠᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 23 ᠤ ᠡᠳᠦᠷ᠂ ᠣᠲᠤᠭ ᠤᠨ ᠡᠮᠦᠨᠡᠲᠦ | ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠤᠪᠴᠢᠶ᠎ᠠ ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ | ᠳᠤᠭᠤᠶᠢᠯᠠᠩ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ | ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ | ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠢ ᠪᠠᠶᠢᠴᠠᠭᠠᠬᠤ ᠳᠤᠭᠤᠶᠢᠯᠠᠩ ᠪᠦᠷᠢᠯᠳᠦᠬᠦᠯᠵᠦ᠂ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠰᠢᠯᠭᠠᠨ ᠪᠠᠶᠢᠴᠠᠭᠠᠵᠤ | ᠶᠡᠭᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠬᠢᠨᠠᠮᠠᠭᠠᠢ ᠥᠷᠨᠢᠭᠦᠯᠪᠡ᠃ | ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠭᠠᠳᠠᠨᠠᠬᠢ ᠡᠯ᠎ᠡ | ᠪᠣᠯᠪᠠᠰᠤᠷᠠᠭᠤᠯᠤᠯ ᠤᠨ ᠪᠠᠶᠢᠭᠤᠯᠤᠮᠵᠢ᠂ ᠰᠦᠯᠵᠢᠶᠡᠨ ᠤ ᠪᠠᠭᠠᠷ᠂ KTV᠂ ᠣᠳᠣᠨ ᠲᠠᠰ ᠤᠨ ᠪᠠᠭᠤᠳᠠᠯ ᠵᠢᠴᠢ A | ᠲᠠᠰ ᠤᠨ ᠦᠵᠡᠮᠵᠢ ᠶᠢᠨ ᠣᠷᠣᠨ ᠵᠡᠷᠭᠡ 20 ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠨᠢᠭᠡᠴᠢ ᠶᠢᠨ ᠠᠮᠤᠷ | ᠲᠦᠪᠰᠢᠨ ᠤ ᠴᠠᠭᠳᠠᠨ ᠪᠠᠶᠢᠴᠠᠭᠠᠯᠲᠠ ᠶᠢᠨ ᠲᠡᠮᠳᠡᠭᠯᠡᠯ᠂ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ᠂ ᠠᠶᠤᠯ | ᠦᠭᠡᠢ ᠶᠢᠨ ᠭᠠᠷᠴᠠ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ | ᠵᠢᠴᠢ ᠴᠠᠬᠢᠯᠭᠠᠨ ᠬᠡᠷᠡᠭᠯᠡᠬᠦ ᠲᠥᠬᠦᠭᠡᠷᠦᠮᠵᠢ ᠵᠡᠷᠭᠡ ᠶᠢ ᠭᠤᠣᠯᠳᠠᠯᠭ᠎ᠠ ᠲᠠᠢ ᠪᠠᠷ ᠨᠢᠭᠡᠳ ᠨᠢᠭᠡ ᠪᠠᠷ ᠪᠠᠶᠢᠴᠠᠭᠠᠪᠠ᠃ | ᠲᠠᠷᠠᠭᠠᠴᠢ ᠶᠢᠨ ᠠᠯᠬᠤᠮ ᠳᠤ᠂ ᠤᠲᠤᠭ ᠤᠨ ᠡᠮᠦᠨᠡᠲᠦ ᠬᠤᠰᠢᠭᠤᠨ ᠤ ᠰᠣᠶᠣᠯ ᠵᠢᠭᠤᠯᠴᠢᠯᠠᠯ ᠤᠨ | ᠲᠣᠪᠴᠢᠶ᠎ᠠ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠰᠤᠯᠠᠷᠠᠭᠤᠯᠤᠯ ᠦᠭᠡᠢ ᠪᠠᠷᠢᠮᠲᠠᠯᠠᠨ᠂ | ᠰᠠᠯᠠᠭ᠎ᠠ ᠮᠥᠴᠢᠷ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠢᠮᠠᠭᠲᠠ ᠴᠢᠩᠭᠠᠷᠠᠭᠤᠯᠤᠨ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ | ᠴᠣᠭᠴᠠ ᠶᠢᠨ ᠠᠮᠤᠷ ᠲᠦᠪᠰᠢᠨ ᠤ ᠬᠠᠮᠢᠶᠠᠷᠤᠯᠲᠠ ᠪᠣᠯᠣᠨ ᠬᠡᠮ ᠰᠣᠭᠤᠭ ᠤᠨ ᠪᠠᠶᠢᠴᠠᠭᠠᠯᠲᠠ ᠶᠢ ᠴᠢᠩᠭᠠᠳᠬᠠᠵᠤ᠂ | ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠠᠮᠤᠷ ᠲᠣᠭᠲᠠᠭᠤᠨ ᠢᠶᠠᠷ | ᠬᠥᠭᠵᠢᠬᠦ ᠶᠢ ᠪᠠᠲᠤᠯᠠᠨ᠎ᠠ᠃ |