ᠳᠥᠷᠪᠡᠳ ᠬᠤᠰᠢᠭᠤ ᠬᠤᠲᠠ ᠶᠢᠨ ᠨᠡᠷ᠎ᠡ ᠶᠢᠨ ᠬᠠᠭᠤᠳᠠᠰᠤ ᠶᠢ ᠡᠭᠦᠳᠴᠦ ᠪᠥᠬᠦ ᠣᠷᠣᠨ ᠪᠦᠰᠡ ᠶᠢᠨ ᠵᠢᠭᠤᠯᠴᠢᠯᠠᠯ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/3/2
     2 ᠳ᠋ᠤᠭᠠᠷ ᠰᠠᠷ᠎ᠠ ᠶᠢᠨ 23 ᠤ ᠡᠳᠦᠷ᠂ ᠳᠥᠷᠪᠡᠳ ᠬᠤᠰᠢᠭᠤᠨ ᠤ ᠬᠢᠨ ᠳᠥᠷᠪᠡᠳ ᠲᠠᠯᠠᠪᠠᠶ ᠳᠤ ︽ᠬᠤᠲᠠ ᠶᠢᠨ ᠨᠡᠷ᠎ᠡ ᠶᠢᠨ ᠬᠠᠭᠤᠳᠠᠰᠤ  ᠶᠢ ᠡᠭᠦᠳᠴᠦ  ᠪᠥᠬᠦ ᠣᠷᠣᠨ ᠪᠦᠰᠡ ᠶᠢᠨ ᠵᠢᠭᠤᠯᠴᠢᠯᠠᠯ ᠳᠤ ᠬᠦᠴᠦᠨ ᠨᠡᠮᠡᠷᠢᠯᠡᠶ᠎ᠡ︾ ᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠤ ᠲᠦᠷᠢᠶᠡᠰᠦᠨ ᠮᠠᠰᠢᠨ ᠲᠡᠷᠭᠡ᠂ ᠲᠣᠮᠣ ᠰᠠᠭᠤᠳᠠᠯ ᠤᠨ ᠮᠠᠰᠢᠨ ᠲᠡᠷᠭᠡ᠂ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡᠨ ᠳᠤ ᠪᠥᠬᠦ ᠬᠤᠰᠢᠭᠤᠨ ᠤ ᠵᠢᠭᠤᠯᠴᠢᠯᠠᠯ ᠤᠨ ᠤᠬᠠᠭᠤᠯᠭ᠎ᠠ ᠶᠢᠨ ᠲᠡᠮᠳᠡᠭ ᠪᠠ ᠤᠷᠢᠶ᠎ᠠ ᠵᠠᠷᠯᠠᠯ ᠢ ᠳᠠᠷᠤᠮᠠᠯᠯᠠᠭᠰᠠᠨ ᠰᠠᠨᠳᠠᠯᠢ ᠶᠢᠨ ᠲᠦᠰᠢᠯᠭᠡ ᠰᠠᠨᠳᠠᠯᠢ ᠶᠢᠨ ᠪᠦᠷᠬᠦᠬᠦᠯ ᠢ ᠦᠨ᠎ᠡ ᠲᠥᠯᠥᠪᠦᠷᠢ ᠦᠭᠡᠢ ᠪᠠᠷ ᠲᠦᠭᠡᠭᠡᠨ ᠥᠭᠴᠡᠢ᠃      ᠦᠨ᠎ᠡ ᠲᠥᠯᠥᠪᠦᠷᠢ ᠦᠭᠡᠢ ᠪᠠᠷ ᠰᠢᠨ᠎ᠡ ᠰᠠᠭᠤᠳᠠᠯ ᠤᠨ ᠪᠦᠷᠬᠦᠬᠦᠯ ᠢ ᠲᠦᠭᠡᠭᠡᠭᠰᠡᠨ ᠶᠠᠪᠤᠳᠠᠯ ᠨᠢ ᠲᠡᠷᠭᠡᠨ ᠳᠣᠲᠣᠷᠠᠬᠢ ᠣᠷᠴᠢᠨ ᠲᠣᠭᠤᠷᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ︽ᠬᠤᠲᠠ ᠶᠢᠨ ᠴᠣᠩᠬᠤ︾ ᠭᠡᠬᠦ ᠨᠡᠷ᠎ᠡ   ᠶᠢᠨ ᠬᠠᠭᠤᠳᠠᠰᠤ ᠶᠢ ᠤᠯᠠᠨ  ᠤ ᠬᠠᠷᠠᠭᠠᠨ  ᠳᠤ ᠬᠦᠷᠭᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ ᠂ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯ ᠢ ᠶᠡᠭᠡ ᠪᠠᠷ ᠥᠷᠨᠢᠭᠦᠯᠵᠦ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠢᠯ ᠲᠥᠷᠥᠯ ᠤᠨ ᠦᠢᠯᠡᠴᠢᠯᠡᠭᠡᠨ ᠤ ᠶᠠᠰᠤ ᠴᠢᠨᠠᠷ ᠪᠠ ᠳᠦᠷᠢ ᠲᠥᠷᠬᠦ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠥᠬᠦ ᠬᠤᠰᠢᠭᠤᠨ ᠳᠤ ᠰᠠᠶᠢᠨ ᠰᠠᠶᠢᠬᠠᠨ ᠵᠢᠭᠤᠯᠴᠢᠯᠠᠯ ᠤᠨ ᠣᠷᠴᠢᠨ ᠲᠣᠭᠤᠷᠢᠨ ᠢ ᠢᠳᠡᠪᠬᠢᠲᠡᠢ ᠪᠣᠶ ᠪᠣᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号