ᠬᠤ᠋ ᠾᠧ ᠫᠢᠩ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠡᠯᠡᠬᠡᠢ ᠶᠢᠨ ᠵᠢᠭᠤᠯᠴᠢᠯᠠᠯ ᠤᠨ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2023/3/2
     2 ᠳ᠋ᠣᠭᠡᠷ ᠰᠠᠷ᠎ᠠ ᠶᠢᠨ 24  ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠶᠢᠳ ᠬᠤ᠋ ᠾᠧ ᠫᠢᠩ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠡᠯᠡᠬᠡᠢ ᠶᠢᠨ ᠵᠢᠭᠤᠯᠴᠢᠯᠠᠯ ᠤᠨ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠽᠦᠯᠠᠪᠦ᠋ · ᠫᠣᠯᠣᠯᠢᠺᠠᠱᠸᠢᠯᠢ ᠲᠠᠢ ᠵᠧᠵᠢᠶᠠᠩ ᠮᠤᠵᠢ ᠶᠢᠨ ᠬᠠᠩᠵᠧᠦ ᠬᠤᠳᠠ ᠳᠤ ᠠᠭᠤᠯᠵᠠᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠡᠯᠡᠬᠡᠢ ᠶᠢᠨ ᠵᠢᠭᠤᠯᠴᠢᠯᠠᠯ ᠤᠨ ᠵᠣᠬᠢᠶᠠᠨ ᠪᠠᠶᠢᠭᠤᠯᠤᠯᠲᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃      ᠬᠤ᠋ ᠾᠧ ᠫᠢᠩ ᠽᠦᠯᠠᠪᠦ᠋ · ᠫᠣᠯᠣᠯᠢᠺᠠᠱᠸᠢᠯᠢ ᠶᠢᠨ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠢ ᠪᠠᠶᠠᠷᠯᠠᠨ ᠤᠭᠲᠤᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠡᠯᠡᠬᠡᠢ ᠶᠢᠨ ᠵᠢᠭᠤᠯᠴᠢᠯᠠᠯ ᠤᠨ ᠵᠣᠬᠢᠶᠠᠨ ᠪᠠᠶᠢᠭᠤᠯᠤᠯᠲᠠ ᠶᠢᠨ ᠪᠦᠬᠦ ᠪᠥᠮᠪᠥᠷᠴᠡᠭ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠲᠠᠯ᠎ᠠ ᠪᠠᠷ ᠦᠵᠡᠭᠦᠯᠦᠭᠰᠡᠨ ᠴᠢᠬᠤᠯᠠ ᠦᠢᠯᠡᠳᠦᠯ ᠢ ᠭᠦᠢᠴᠡᠳ ᠨᠤᠲᠠᠯᠠᠪᠠ᠃      ᠽᠦᠯᠠᠪᠦ᠋ · ᠫᠣᠯᠣᠯᠢᠺᠠᠱᠸᠢᠯᠢ ᠤᠷᠢᠯᠭ᠎ᠠ ᠪᠠᠷ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠪᠠᠶᠠᠷ ᠲᠠᠯᠠᠷᠬᠠᠯ ᠤᠨ ᠰᠡᠳᠬᠢᠯᠭᠡ ᠪᠠᠨ ᠢᠯᠡᠳᠭᠡᠬᠦ ᠶᠢᠨ ᠬᠠᠮᠲᠤ᠂ ᠳᠤᠮᠳᠠᠳᠤ ᠤᠯᠤᠰ ᠤᠨ ᠬᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠡᠯᠡᠬᠡᠢ ᠶᠢᠨ ᠵᠢᠭᠤᠯᠴᠢᠯᠠᠯ ᠤᠨ ᠵᠣᠬᠢᠶᠠᠨ ᠪᠠᠶᠢᠭᠤᠯᠤᠯᠲᠠ ᠶᠢᠨ ︽ᠬᠠᠮᠤᠭ ᠤᠨ ᠰᠠᠶᠢᠨ ᠵᠢᠭᠤᠯᠴᠢᠯᠠᠯ ᠤᠨ ᠬᠥᠳᠡᠭᠡ ᠲᠣᠰᠬᠤᠨ︾ ᠤ ᠲᠦᠷᠦᠯ ᠵᠦᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠪᠥᠭᠡᠳ ᠲᠡᠭᠦᠨ ᠳᠤ ᠢᠳᠡᠪᠬᠢᠲᠡᠢ ᠣᠷᠣᠯᠴᠠᠵᠤ ᠪᠠᠶᠢᠬᠤ ᠶᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠭᠤᠸᠠᠩᠰᠢ ᠶᠢᠨ ᠳ᠋ᠠᠵᠠᠢ ᠲᠣᠰᠬᠤᠨ ᠪᠣᠯᠣᠨ ᠴᠦᠩᠴᠢᠩ ᠤᠨ ᠵᠢᠩᠵᠦ ᠲᠣᠰᠬᠤᠨ 2022 ᠣᠨ ᠤ ︽ᠬᠠᠮᠤᠭ ᠤᠨ ᠰᠠᠶᠢᠨ ᠵᠢᠭᠤᠯᠴᠢᠯᠠᠯ ᠤᠨ ᠬᠥᠳᠡᠭᠡ ᠲᠣᠰᠬᠤᠨ︾ ᠳᠤ ᠰᠣᠩᠭᠤᠭᠳᠠᠭᠰᠠᠨ ᠳᠤ ᠪᠠᠶᠠᠷ ᠬᠦᠷᠭᠡᠪᠡ᠃      ᠠᠭᠤᠯᠵᠠᠯᠲᠠ ᠠᠴᠠ ᠡᠮᠦᠨ᠎ᠡ᠂ ᠬᠤ᠋ ᠾᠧ ᠫᠢᠩ ᠪᠣᠯᠣᠨ ᠽᠦᠯᠠᠪᠦ᠋ · ᠫᠤᠯᠤᠯᠢᠺᠠᠱᠸᠢᠯᠢ᠂ ᠵᠧᠵᠢᠶᠠᠩ ᠮᠤᠵᠢ ᠶᠢᠨ ᠳᠠᠷᠤᠭ᠎ᠠ ᠸᠠᠩ ᠬᠤᠤ ᠲᠠᠢ  ᠬᠠᠮᠳᠤ ᠪᠠᠷ ᠳᠡᠯᠡᠬᠡᠢ ᠶᠢᠨ ᠵᠢᠭᠤᠯᠴᠢᠯᠠᠯ ᠤᠨ ᠬᠤᠯᠪᠣᠭ᠎ᠠ ᠶᠢᠨ ᠶᠡᠷᠦᠩᠬᠡᠢ ᠬᠡᠯᠲᠡᠰ ᠤᠨ ᠡᠬᠢᠯᠡᠵᠦ ᠬᠡᠷᠡᠭᠯᠡᠬᠦ ᠶᠣᠰᠣᠯᠠᠯ ᠳᠤ ᠣᠷᠣᠯᠴᠠᠪᠠ᠃ ᠳᠡᠯᠡᠬᠡᠢ   ᠶᠢᠨ ᠵᠢᠭᠤᠯᠴᠢᠯᠠᠯ ᠤᠨ ᠬᠤᠯᠪᠣᠭᠠᠨ ᠤ ᠶᠡᠷᠦᠩᠬᠡᠢ ᠵᠠᠬᠢᠷᠭ᠎ᠠ ᠨᠢ ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠰᠢᠶᠤᠤᠱᠠᠨ ᠲᠣᠭᠤᠷᠢᠭ ᠤᠨ ᠶᠠ ᠬᠤ᠋ ᠱᠠᠨ ᠠᠷᠠᠯ ᠳᠤ ᠪᠠᠶᠢᠷᠢᠯᠠᠵᠤ᠂ ᠪᠠᠷᠢᠯᠭ᠎ᠠ ᠶᠢᠨ ᠶᠡᠷᠦᠩᠬᠡᠢ ᠲᠠᠯᠠᠪᠠᠶ ᠨᠢ ᠪᠠᠷᠤᠭ 4 ᠲᠦᠮᠡᠨ ᠲᠡᠭᠰᠢ ᠳᠥᠷᠪᠡᠯᠵᠢᠨ ᠮᠧᠲᠷ ᠪᠠᠶᠢᠳᠠᠭ᠃ ᠳᠡᠯᠡᠬᠡᠢ ᠶᠢᠨ ᠵᠢᠭᠤᠯᠴᠢᠯᠠᠯ ᠤᠨ ᠬᠤᠯᠪᠣᠭ᠎ᠠ ᠪᠠᠶᠢᠭᠤᠯᠤᠭᠳᠠᠭᠰᠠᠨ ᠠᠴᠠ ᠨᠠᠭᠠᠰᠢ᠂ ︽ᠵᠢᠭᠤᠯᠴᠢᠯᠠᠯ ᠨᠢ ᠳᠡᠯᠡᠬᠡᠢ ᠪᠠ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠬᠤ︾ ᠵᠣᠷᠢᠯᠲᠠ ᠶᠢ ᠪᠠᠷᠢᠮᠲᠠᠯᠠᠵᠤ᠂ ︽ᠵᠢᠭᠤᠯᠴᠢᠯᠠᠯ ᠡᠩᠬᠡ ᠲᠠᠶᠢᠪᠤᠩ ᠢ ᠠᠬᠢᠭᠤᠯᠬᠤ᠂ ᠵᠢᠭᠤᠯᠴᠢᠯᠠᠯ ᠬᠥᠭᠵᠢᠯᠲᠡ ᠶᠢ ᠠᠬᠢᠭᠤᠯᠬᠤ᠂ ᠵᠢᠭᠤᠯᠴᠢᠯᠠᠯ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ ᠶᠢ ᠠᠬᠢᠭᠤᠯᠬᠤ︾ ᠡᠭᠦᠷᠭᠡ ᠶᠢ ᠴᠢᠷᠮᠠᠶᠢᠨ ᠦᠢᠯᠡᠳᠦᠯᠭᠡᠵᠢᠭᠦᠯᠵᠡᠢ᠃ 2 ᠳ᠋ᠤᠭᠠᠷ ᠰᠠᠷ᠎ᠠ ᠶᠢᠨ 23 ᠤ ᠡᠳᠦᠷ ᠬᠤᠷᠠᠯᠳᠤᠭᠰᠠᠨ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ᠂ ᠰᠣᠶᠣᠯ ᠪᠠ ᠵᠢᠭᠤᠯᠴᠢᠯᠠᠯ ᠤᠨ ᠶᠠᠮᠤᠨ ᠤ ᠤᠤᠯ ᠤᠨ ᠳᠡᠳ᠋ ᠰᠠᠶᠢᠳ ᠵᠠᠩ ᠰᠢᠦᠢ ᠳᠡᠯᠡᠬᠡᠢ ᠶᠢᠨ ᠵᠢᠭᠤᠯᠴᠢᠯᠠᠯ ᠤᠨ ᠬᠤᠯᠪᠣᠭᠠᠨ ᠤ ᠬᠤᠶᠠᠳᠤᠭᠠᠷ ᠬᠤᠭᠤᠴᠠᠭᠠᠨ ᠤ ᠲᠡᠷᠢᠭᠦᠯᠡᠭᠴᠢ ᠪᠠᠷ ᠰᠣᠩᠭᠤᠭᠳᠠᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号