ᠮᠠᠨ ᠤ ᠣᠷᠣᠨ ᠤ 12 ᠭᠠᠵᠠᠷ ᠤᠨ ᠬᠢᠨ ᠪᠥᠬᠦ ᠤᠯᠤᠰ ᠤᠨ 2023 ᠣᠨ ᠤ ︽ᠳᠥᠷᠪᠡᠨ ᠤᠯᠠᠷᠢᠯ ᠤᠨ ᠬᠦᠳᠡᠭᠡ ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠦᠵᠡᠭᠦᠯᠭᠡ ᠶᠢᠨ ᠴᠡᠭ ᠤᠨ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2023/4/26
    4 ᠳ᠋ᠤᠭᠡᠷ ᠰᠠᠷ᠎ᠠ ᠶᠢᠨ 20 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ 2023 ᠣᠨ ᠤ ︽ᠳᠥᠷᠪᠡᠨ ᠤᠯᠠᠷᠢᠯ ᠤᠨ ᠬᠦᠳᠡᠭᠡ ᠲᠣᠰᠬᠤᠨ ᠤ ᠦᠳᠡᠰᠢᠯᠡᠭᠡ︾ ᠶᠢᠨ ᠭᠤᠣᠯ ᠬᠤᠷᠠᠯ ᠤᠨ ᠲᠠᠯᠠᠪᠠᠶ ᠪᠠ ᠵᠢᠱᠢᠶ᠎ᠡ ᠦᠵᠡᠭᠦᠯᠬᠦ ᠦᠵᠡᠭᠦᠯᠭᠡ ᠶᠢᠨ ᠴᠡᠭ ᠤᠨ ᠨᠡᠷᠡᠰ ᠢ ᠨᠡᠶᠢᠲᠡᠯᠡᠵᠦ᠂ ᠮᠠᠨ ᠤ ᠣᠷᠣᠨ ᠤ ᠨᠡᠶᠢᠲᠡ 12 ᠭᠠᠵᠠᠷ ᠣᠷᠣᠨ ᠵᠢᠱᠢᠶ᠎ᠡ ᠦᠵᠡᠭᠦᠯᠬᠦ ᠦᠵᠡᠭᠦᠯᠭᠡ ᠶᠢᠨ ᠨᠡᠷᠡᠰ ᠲᠤ ᠰᠣᠩᠭᠤᠭᠳᠠᠵᠠᠢ᠃     ᠨᠡᠷᠡᠰ ᠤᠨ ᠵᠢᠭᠰᠠᠭᠠᠯᠲᠠ ᠳᠤ ᠢᠯᠡᠷᠡᠭᠦᠯᠦᠭᠰᠡᠨ ᠢᠶᠠᠷ᠂ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠮᠧᠢ ᠳ᠋ᠠᠢ ᠴᠢᠶᠣᠤ ᠲᠣᠰᠬᠤᠨ᠂ ᠬᠥᠯᠥᠨ ᠪᠤᠶᠢᠷ ᠬᠤᠲᠠ ᠶᠢᠨ ᠡᠸᠡᠩᠬᠢ ᠬᠤᠰᠢᠭᠤ᠂ ᠲᠦᠩᠯᠢᠶᠣᠣ ᠬᠤᠲᠠ ᠶᠢᠨ ᠬᠦᠷᠢᠶ᠎ᠡ ᠬᠤᠰᠢᠭᠤᠨ ᠤ ᠰᠢᠶᠠᠨ ᠶᠢᠨ ᠰᠤᠮᠤ ᠬᠠᠪᠤᠷ ᠤᠨ ᠤᠯᠠᠷᠢᠯ ᠤᠨ ︽ᠬᠦᠳᠡᠭᠡ ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠦᠵᠡᠭᠦᠯᠭᠡ ᠶᠢᠨ ᠴᠡᠭ ᠲᠤ ᠰᠣᠩᠭᠤᠭᠳᠠᠪᠠ︔ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠠᠨᠲᠠᠶ ᠪᠠᠯᠭᠠᠰᠤ ᠶᠢᠨ ᠵᠢᠦ ᠴᠧᠩ ᠬᠥᠩ ᠲᠣᠰᠬᠤᠨ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠠᠳᠤᠭᠤᠨ ᠤ ᠰᠣᠶᠣᠯ ᠤᠨ ᠬᠦᠷᠢᠶᠡᠯᠡᠩ ᠨᠢ ᠵᠣᠨ ᠤ ᠤᠯᠠᠷᠢᠯ ᠤᠨ ︽ᠬᠦᠳᠡᠭᠡ ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠴᠡᠭ ᠲᠤ ᠰᠣᠩᠭᠤᠭᠳᠠᠪᠠ︔ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠰᠠᠨ ᠽᠦᠸᠧ ᠴᠦ᠋ ᠲᠧᠦ ᠯᠠᠩ ᠪᠠᠯᠭᠠᠰᠤ ᠶᠢᠨ ᠰᠠᠨ ᠽᠦᠸᠧ ᠳ᠋ᠢᠶᠠᠨ ᠲᠣᠰᠬᠤᠨ᠂ ᠪᠠᠶᠠᠨᠨᠠᠭᠤᠷ ᠬᠤᠳᠠ ᠶᠢᠨ ᠬᠠᠩᠭᠢᠨ ᠬᠤᠶᠢᠲᠤ ᠬᠤᠰᠢᠭᠤᠨ ᠤ ᠡᠯ ᠳ᠋ᠣᠣ ᠴᠢᠶᠣᠤ ᠪᠠᠯᠭᠠᠰᠤ ᠨᠠᠮᠤᠷ ᠤᠨ ᠤᠯᠠᠷᠢᠯ ᠤᠨ ︽ᠬᠦᠳᠡᠭᠡ ᠲᠣᠰᠬᠤᠨ ᠤ ᠦᠳᠡᠰᠢᠯᠡᠭᠡ︾  ᠶᠢᠨ ᠵᠢᠱᠢᠶ᠎ᠡ ᠦᠵᠡᠭᠦᠯᠬᠦ ᠴᠡᠭ ᠲᠤ ᠰᠤᠩᠭᠤᠭᠳᠠᠪᠠ︔ ᠪᠤᠭᠤᠲᠤ ᠬᠤᠲᠠ ᠶᠢᠨ ᠵᠢᠤᠶᠤᠸᠠᠨ ᠲᠣᠭᠤᠷᠢᠭ ᠤᠨ ᠬᠠ ᠯᠢᠨ ᠭᠧ ᠡᠯ ᠪᠠᠯᠭᠠᠰᠤ᠂ ᠬᠥᠯᠥᠨ ᠪᠤᠶᠢᠷ ᠬᠤᠲᠠ ᠶᠢᠨ ᠭᠡᠭᠡᠨ ᠭᠤᠣᠯ ᠬᠤᠲᠠ᠂ ᠬᠢᠩᠭᠠᠨ ᠠᠶᠢᠮᠠᠭ ᠤᠨ ᠪᠠᠶᠠᠨᠬᠤᠰᠢᠭᠤ ᠪᠠᠯᠭᠠᠰᠤᠨ ᠤ ᠰᠢᠷ᠎ᠠ ᠳᠣᠪᠤ ᠭᠠᠴᠠᠭ᠎ᠠ ᠡᠪᠦᠯ ᠤᠨ ᠤᠯᠠᠷᠢᠯ ᠤᠨ ︽ᠬᠦᠳᠡᠭᠡ ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠴᠡᠭ ᠲᠤ ᠰᠤᠩᠭᠤᠭᠳᠠᠪᠠ᠃    ᠳᠠᠷᠠᠭᠠᠴᠢ ᠶᠢᠨ ᠠᠯᠬᠤᠮ ᠳᠤ᠂ ᠮᠠᠨ ᠤ ᠣᠷᠣᠨ ᠤᠯᠤᠰ ᠠᠴᠠ ︽ᠬᠥᠳᠡᠭᠡ ᠲᠣᠰᠬᠤᠨ ᠤ ᠦᠳᠡᠰᠢᠯᠡᠭᠡ︾ ᠶᠢ ᠶᠡᠭᠡ ᠪᠠᠷ ᠳᠡᠮᠵᠢᠵᠦ ᠪᠠᠶᠢᠭ᠎ᠠ ᠳᠤ ᠲᠦᠰᠢᠭᠯᠡᠨ᠂ ᠨᠢᠭᠡᠳᠦᠯᠲᠡᠢ ᠲᠥᠯᠥᠪᠯᠡᠨ ᠵᠢᠯᠤᠭᠤᠳᠬᠤ ᠪᠠᠨ ᠴᠢᠩᠭᠠᠳᠬᠠᠵᠤ᠂ ︽ᠳᠥᠷᠪᠡᠨ ᠤᠯᠠᠷᠢᠯ ᠤᠨ ᠬᠦᠳᠡᠭᠡ ᠲᠣᠰᠬᠤᠨ ᠤ ᠦᠳᠡᠰᠢᠯᠡᠭᠡ︾ ᠶᠢᠨ ᠰᠢᠷᠢᠰ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠣᠯᠪᠠᠰᠤᠨ ᠨᠤᠲᠤᠭ ᠤᠨ ᠰᠤᠷᠲᠠᠯ ᠢ ᠪᠠᠳᠠᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ᠂ ᠠᠮᠢ ᠠᠬᠤᠢ ᠶᠢᠨ ᠪᠣᠯᠪᠠᠰᠤᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ ᠵᠡᠷᠭᠡ ᠰᠡᠳᠦᠪ ᠲᠠᠢ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠡᠭᠦᠳᠦᠨ ᠨᠠᠶᠢᠷᠠᠭᠤᠯᠵᠤ᠂ ᠬᠥᠳᠡᠭᠡ ᠲᠣᠰᠬᠤᠨ ᠤ ᠦᠯᠢᠭᠡᠷ ᠢ ᠰᠠᠶᠢᠲᠤᠷ ᠶᠠᠷᠢᠵᠤ᠂ ︽ᠬᠥᠳᠡᠭᠡ ᠲᠣᠰᠬᠤᠨ ᠤ ᠦᠳᠡᠰᠢᠯᠡᠭᠡ︾  ᠶᠢ ᠮᠠᠯᠴᠢᠨ ᠲᠠᠷᠢᠶᠠᠴᠢᠨ ᠤ ᠵᠣᠷᠢᠭ ᠰᠠᠨᠠᠭᠠᠨ ᠤ ᠰᠢᠨ᠎ᠡ ᠳᠦᠷᠰᠦ ᠪᠠᠶᠢᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠳᠦᠷᠰᠦ ᠪᠠᠶᠢᠳᠠᠯ ᠢ ᠲᠤᠰᠬᠠᠬᠤ ᠠᠴᠢᠶᠠᠯᠠᠪᠤᠷᠢ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠠᠬᠢᠭᠤᠯᠵᠤ᠂ ᠨᠠᠮ ᠤᠨ ᠨᠠᠷᠠᠨ ᠤ ᠭᠡᠷᠡᠯ ᠰᠢᠭ ᠬᠠᠯᠠᠭᠤᠨ ᠳᠤᠯᠠᠭᠠᠨ ᠢᠯᠴᠢ ᠶᠢ ᠲᠦᠭ ᠲᠦᠮᠡᠨ ᠠᠶᠢᠯ ᠡᠷᠦᠬᠡ ᠳᠤ ᠲᠤᠰᠬᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号