︽  ᠨᠤᠮᠲᠤ ᠤᠮᠠᠷᠠᠲᠤ ᠬᠢᠯᠢ︾ ᠪᠥᠬᠦ ᠣᠷᠣᠨ ᠤ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠰᠢᠨ᠎ᠡ ᠴᠠᠭ ᠦᠶ᠎ᠡ ᠶᠢ ᠰᠣᠨᠢᠷᠬᠠᠬᠤ︾ 4.23 ᠳᠡᠯᠡᠬᠡᠢ ᠶᠢᠨ ᠨᠣᠮ ᠤᠩᠰᠢᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠪᠠᠶᠠᠨᠨᠠᠭᠤᠷ ᠬᠤᠲᠠ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/4/28
     4 ᠳ᠋ᠤᠭᠡᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠤᠨ ᠰᠢᠨᠵᠢᠯᠡᠭᠡᠨ ᠤ ᠨᠡᠶᠢᠭᠡᠮᠯᠢᠭ᠂ ᠪᠠᠶᠠᠨᠨᠠᠭᠤᠷ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠳᠠᠭᠠᠭᠠᠴᠢᠯᠠᠨ ᠡᠷᠬᠢᠯᠡᠵᠦ᠂ ᠪᠠᠶᠠᠨᠨᠠᠭᠤᠷ ᠬᠤᠳᠠ ᠶᠢᠨ ᠨᠣᠮ ᠤᠨ ᠰᠠᠩ ᠤᠨ ᠬᠠᠮᠵᠢᠯᠴᠠᠨ ᠡᠷᠬᠢᠯᠡᠭᠰᠡᠨ ︽ᠨᠤᠮᠲᠤ ᠤᠮᠠᠷᠠᠲᠤ ᠬᠢᠯᠢ︾ ᠪᠦᠬᠦ ᠣᠷᠣᠨ ᠤ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠰᠢᠨ᠎ᠡ ᠴᠠᠭ ᠦᠶ᠎ᠡ ᠶᠢ ᠰᠣᠨᠢᠷᠬᠠᠬᠤ︾4.23  ᠤ ᠳᠡᠯᠡᠬᠡᠢ ᠶᠢᠨ ᠨᠣᠮ ᠤᠩᠰᠢᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠪᠠᠶᠠᠨᠨᠠᠭᠤᠷ ᠬᠤᠳᠠ ᠳᠤ ᠠᠮᠵᠢᠯᠲᠠ ᠲᠠᠢ ᠶᠠᠪᠤᠭᠳᠠᠪᠠ᠃      ᠲᠣᠰ ᠤᠳᠠᠭᠠᠨ ᠤ ᠠᠵᠢᠯᠯᠠᠭ᠎ᠠ ᠨᠢ ᠪᠠᠰᠠ 2023 ᠣᠨ ᠤ ᠪᠥᠬᠦ ᠣᠷᠣᠨ ᠤ ᠣᠯᠠᠨ ᠨᠡᠶᠢᠲᠡ ᠶᠢᠨ ᠨᠣᠮ ᠤᠨ ᠰᠠᠩ ᠤᠨ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ  ᠤᠨ ᠠᠵᠢᠯᠯᠠᠭ᠎ᠠ  ᠶᠢ ᠡᠬᠢᠯᠡᠬᠦᠯᠪᠡ᠃ ᠠᠵᠢᠯᠯᠠᠭᠠᠨ ᠤ ᠳᠤᠮᠳᠠ᠂ ᠪᠠᠶᠠᠨᠨᠠᠭᠤᠷ ᠬᠤᠲᠠ ᠶᠢᠨ ᠨᠣᠮ ᠤᠨ ᠰᠠᠩ ᠳᠤ ︽ᠪᠥᠬᠦ ᠤᠯᠤᠰ ᠤᠨ ᠡᠷᠲᠡᠨ ᠤ ᠨᠣᠮ ᠪᠢᠴᠢᠭ ᠤᠨ ᠬᠠᠮᠠᠭᠠᠯᠠᠯᠲᠠ ᠶᠢᠨ ᠭᠤᠣᠯᠳᠠᠯᠭ᠎ᠠ ᠲᠠᠢ ᠨᠢᠭᠡᠴᠢ︾ ᠫᠠᠶᠢᠰᠠ ᠣᠯᠭᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠤᠨ ᠪᠠᠶᠠᠨᠨᠠᠭᠤᠷ ᠬᠤᠲᠠ ᠶᠢᠨ ᠬᠤᠪᠢᠶᠠᠷᠢ ᠨᠣᠮ ᠤᠨ ᠰᠠᠩ ᠳᠤ ᠫᠠᠶᠢᠰᠠ ᠣᠯᠭᠤᠪᠠ᠃ ᠪᠣᠷᠣᠳᠣᠬᠤᠢ ᠳᠡᠭᠡᠳᠦ ᠰᠤᠷᠭᠠᠭᠤᠯᠢ ᠪᠠᠶᠠᠨᠨᠠᠭᠤᠷ ᠬᠤᠲᠠ ᠶᠢᠨ ᠨᠣᠮ ᠤᠨ ᠰᠠᠩ ᠳᠤ 2000 ᠳᠡᠪᠲᠡᠷ ᠬᠤᠪᠢᠰᠬᠠᠯ ᠤᠨ ᠰᠤᠷᠪᠤᠯᠵᠢ ᠪᠢᠴᠢᠭ ᠪᠣᠯᠣᠨ ᠡᠯ᠎ᠡ ᠲᠥᠷᠥᠯ ᠤᠨ ᠨᠣᠮ ᠪᠢᠴᠢᠭ ᠬᠠᠨᠳᠢᠪᠯᠡᠪᠠ᠃ ᠳᠠᠷᠠᠭ᠎ᠠ  ᠨᠢ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠬᠦᠨᠳᠦᠲᠦ ᠵᠣᠴᠢᠳ ᠬᠠᠮᠲᠤ ᠪᠠᠷ ︽ ᠨᠤᠮᠲᠤ ᠤᠮᠠᠷᠠᠲᠤ ᠬᠢᠯᠢ ︾ ᠪᠦᠬᠦ ᠣᠷᠣᠨ ᠤ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠵᠢᠴᠢ ︽ᠰᠢᠨ᠎ᠡ ᠴᠠᠭ ᠦᠶ᠎ᠡ ᠶᠢ ᠰᠣᠨᠢᠷᠬᠠᠬᠤ︾ 4.23 ᠤ ᠳᠡᠯᠡᠬᠡᠢ ᠶᠢᠨ ᠨᠣᠮ ᠤᠩᠰᠢᠬᠤ ᠡᠳᠦᠷ ᠤᠨ ᠭᠤᠣᠯ ᠰᠡᠳᠦᠪᠲᠦ ᠠᠵᠢᠯᠯᠠᠭᠠᠨ  ᠤ ᠬᠥᠰᠢᠭᠡ ᠶᠢ ᠨᠡᠭᠡᠭᠡᠪᠡ᠃      ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠡᠯ᠎ᠡ ᠱᠠᠲᠤᠨ ᠤ ᠣᠯᠠᠨ ᠨᠡᠶᠢᠲᠡ ᠶᠢᠨ ᠨᠣᠮ ᠤᠨ ᠰᠠᠩ ᠳᠤ ᠲᠦᠰᠢᠭᠯᠡᠨ᠂ ︽ᠰᠢᠨ᠎ᠡ ᠴᠠᠭ ᠦᠶ᠎ᠡ ᠶᠢ ᠰᠤᠨᠢᠷᠬᠠᠬᠤ︾ ᠪᠠᠷ ᠭᠤᠣᠯ ᠰᠡᠳᠦᠪ ᠪᠣᠯᠭᠠᠵᠤ᠂ ᠪᠥᠬᠦ ᠣᠷᠣᠨ ᠳᠤ ︽ᠨᠢᠭᠡ ᠨᠣᠮ ᠢ ᠬᠠᠮᠲᠤ ᠪᠠᠷ ᠤᠩᠰᠢᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠲᠤᠰᠬᠠᠢ ᠰᠡᠳᠦᠪᠲᠦ ᠤᠩᠰᠢᠯᠭ᠎ᠠ ᠶᠢᠨ ᠤᠷᠤᠯᠳᠤᠭᠠᠨ᠂ ︽ᠪᠢᠴᠢᠭ ᠤᠨ ᠰᠤᠷᠪᠤᠯᠵᠢᠲᠦ ᠲᠠᠯ᠎ᠠ ᠨᠤᠲᠤᠭ · ᠦᠵᠡᠰᠬᠦᠯᠡᠩᠲᠦ ᠰᠠᠶᠢᠬᠠᠨ ᠤᠮᠠᠷᠠᠲᠤ ᠬᠢᠯᠢ︾ ᠪᠥᠬᠦ ᠣᠷᠣᠨ ᠤ ᠪᠠᠭᠠᠴᠤᠳ ᠬᠡᠦᠬᠡᠳ ᠤᠨ ᠰᠢᠯᠦᠭ᠂ ᠤᠷᠠᠨ ᠵᠢᠷᠤᠭ᠂ ᠤᠷᠠᠨ ᠤᠩᠰᠢᠯᠭ᠎ᠠ ᠶᠢᠨ ᠪᠦᠲᠦᠭᠡᠯ ᠢ ᠴᠤᠭᠯᠠᠭᠤᠯᠬᠤ᠂ ︽ᠤᠩᠰᠢᠯᠭ᠎ᠠ ᠶᠢᠨ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠵᠤ ᠴᠤᠭ ᠪᠠᠳᠠᠷᠠᠩᠭᠤᠢ ᠪᠠᠷ ᠡᠷᠡᠯᠬᠡᠭᠯᠡᠨ ᠤᠷᠤᠭᠰᠢᠯᠠᠶ᠎ᠠ︾ ᠤᠩᠰᠢᠯᠭ᠎ᠠ ᠶᠢ ᠳᠡᠯᠭᠡᠷᠡᠭᠦᠯᠦᠨ ᠰᠢᠯᠭᠠᠷᠠᠭᠤᠯᠬᠤ ᠵᠡᠷᠭᠡ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠨᠤᠭᠤᠳ ᠢ ᠵᠣᠬᠢᠶᠠᠨ ᠪᠠᠶᠢᠭᠤᠯᠵᠤ ᠥᠷᠨᠢᠬᠦᠯᠦᠨ᠂  ︽ᠨᠤᠮᠲᠤ ᠤᠮᠠᠷᠠᠲᠤ ᠬᠢᠯᠢ ︾ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢᠨ ᠨᠠᠷᠠᠲᠤ ᠲᠡᠮᠳᠡᠭ ᠢ ᠪᠣᠶ ᠪᠣᠯᠭᠠᠵᠤ᠂ ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠬᠤ᠂ ᠨᠣᠮ ᠤᠩᠰᠢᠬᠤ  ᠳᠤ  ᠪᠠᠨ ᠴᠢᠳᠠᠮᠠᠭᠠᠢ ᠪᠠᠶᠢᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢ ᠲᠦᠯᠬᠢᠨ ᠠᠬᠢᠭᠤᠯᠬᠤ  ᠪᠠᠷ ᠴᠢᠷᠮᠠᠶᠢᠵᠤ ᠪᠤᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号