5 ᠳ᠋ᠤᠭᠠᠷ ᠰᠠᠷ᠎ᠠ ᠶᠢᠨ 8 ᠤ ᠡᠳᠦᠷ᠂ ︽ᠲᠠᠯ᠎ᠠ ᠨᠤᠲᠤᠭ ᠲᠤ ᠪᠣᠯᠵᠣᠵᠤ᠂ ᠲᠠᠭᠠᠯᠠᠮᠵᠢᠲᠤ ᠬᠤᠲᠠ ᠳᠤ | ᠠᠭᠤᠯᠵᠠᠬᠤ︾ 2023 ᠣᠨ ᠤ ︽5.19︾ ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠬᠤᠷᠠᠯ ᠤᠨ ᠲᠠᠯᠠᠪᠠᠶ ᠶᠢᠨ ᠰᠢᠷᠢᠰ ᠠᠵᠢᠯᠯᠠᠭ᠎ᠠ ᠵᠢᠴᠢ | ᠣᠷᠳᠣᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠡᠬᠢᠯᠡᠯᠲᠡ ᠶᠢᠨ ᠶᠣᠰᠣᠯᠠᠯ ᠣᠷᠳᠣᠰ ᠲᠤ ᠶᠠᠪᠤᠭᠳᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ ᠣᠷᠳᠣᠰ ᠬᠤᠳᠠ ᠶᠢᠨ ᠰᠣᠳᠣᠨ ᠠᠵᠤ ᠦᠢᠯᠡᠳᠪᠦᠷᠢ ᠶᠢᠨ | ᠵᠢᠭᠤᠯᠴᠢᠯᠠᠯ ᠤᠨ ᠭᠤᠣᠯ ᠰᠡᠳᠦᠪᠲᠦ ᠱᠤᠭᠤᠮ ᠢ ᠨᠡᠶᠢᠲᠡᠯᠡᠵᠦ᠂ ︽ᠲᠠᠭᠠᠯᠠᠮᠵᠢᠲᠤ ᠬᠤᠳᠠ ᠣᠷᠳᠣᠰ ᠤᠨ〈ᠠᠵᠤ | ᠦᠢᠯᠡᠳᠪᠦᠷᠢ ᠶᠢᠨ ᠵᠢᠭᠤᠯᠴᠢᠯᠠᠯ〉ᠳᠡᠯᠡᠬᠡᠢ ᠳ᠋ᠠᠬᠢᠨ ᠤ ᠬᠢᠨ ᠢ ᠤᠭᠲᠤᠨᠠᠮ︾ ᠪᠠᠷ ᠭᠤᠣᠯ ᠰᠡᠳᠦᠪ ᠪᠣᠯᠭᠠᠨ ᠠᠵᠤ | ᠦᠢᠯᠡᠳᠪᠦᠷᠢ ᠶᠢᠨ ᠵᠢᠭᠤᠯᠴᠢᠯᠠᠯ ᠤᠨ ᠱᠤᠭᠤᠮ ᠢ ᠲᠠᠨᠢᠯᠴᠠᠭᠤᠯᠪᠠ᠃ ᠶᠣᠰᠣᠯᠠᠯ ᠳᠠᠭᠤᠰᠤᠭᠰᠠᠨ ᠤ ᠲᠠᠷᠠᠭ᠎ᠠ᠂ | ᠬᠤᠷᠠᠯ ᠳᠤ ᠣᠷᠣᠯᠴᠠᠭᠰᠠᠳ ᠪᠠᠰᠠ ᠤᠯᠤᠰ ᠤᠨ ᠵᠦᠩᠭᠠᠷ ᠡᠨᠧᠷᠬᠢ ᠶᠢᠨ ᠪᠦᠯᠦᠭᠯᠡᠯ ᠤᠨ ᠾᠧᠢ ᠳ᠋ᠠᠢ ᠭᠧᠦ ᠶᠢᠨ | ᠵᠠᠳᠠᠭᠠᠢ ᠨᠡᠭᠦᠷᠡᠰᠦᠨ ᠠᠭᠤᠷᠬᠠᠢ ᠶᠢᠨ ᠶᠣᠰᠣᠯᠠᠯ ᠤᠨ ᠲᠠᠪᠴᠠᠩ ᠪᠣᠯᠣᠨ ᠲᠤᠨᠤᠭ ᠲᠥᠬᠦᠭᠡᠷᠦᠮᠵᠢ ᠶᠢ ᠰᠡᠯᠪᠢᠨ | ᠵᠠᠰᠠᠬᠤ ᠲᠥᠪ ᠲᠤ ᠬᠦᠷᠴᠦ ᠲᠣᠭᠤᠷᠢᠨ ᠦᠵᠡᠪᠡ᠃ | ᠣᠶᠢᠷ᠎ᠠ ᠶᠢᠨ ᠡᠳᠦᠷ ᠤᠳ ᠲᠤ᠂ ᠪᠦᠬᠦ ᠣᠷᠣᠨ ᠤ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠢᠨ ︽5. | 19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠢᠷᠢᠰ ᠠᠵᠢᠯᠯᠠᠭ᠎ᠠ ᠪᠠᠷ ᠵᠢᠯᠣᠭᠤᠳᠤᠮᠵᠢ ᠪᠣᠯᠭᠠᠵᠤ | ᠂ ︽ᠲᠠᠯ᠎ᠠ ᠨᠤᠲᠤᠭ ᠲᠤ ᠪᠣᠯᠵᠣᠵᠤ᠂ ᠬᠠᠪᠤᠷ ᠤᠨ ᠤᠯᠠᠷᠢᠯ ᠳᠤ ᠠᠭᠤᠯᠵᠠᠬᠤ︾ ᠪᠠᠷ ᠭᠤᠣᠯ ᠰᠡᠳᠦᠪ ᠪᠣᠯᠭᠠᠨ᠂ | 300 ᠭᠠᠷᠤᠢ ᠵᠦᠢᠯ ᠤᠨ ᠠᠮᠠᠷᠠᠯᠲᠠ ᠶᠢᠨ ᠡᠳᠦᠷ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠢ | ᠥᠷᠨᠢᠭᠦᠯᠵᠦ᠂ ᠠᠮᠠᠷᠠᠯᠲᠠ ᠶᠢᠨ ᠡᠳᠦᠷ ᠤᠨ ᠠᠵᠤ ᠠᠬᠤᠢ ᠶᠢ ᠪᠦᠬᠦ ᠲᠠᠯ᠎ᠠ ᠪᠠᠷ ᠬᠥᠭᠵᠢᠭᠡᠵᠡᠢ᠃ ᠡᠨᠡ ᠤᠳᠠᠭ᠎ᠠ | ᠣᠷᠳᠣᠰ ᠬᠤᠲᠠ ᠳᠤ ᠲᠤᠰ ᠠᠵᠢᠯᠯᠠᠭ᠎ᠠ ᠶᠢ ᠡᠷᠭᠢᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠬᠤ ᠪᠠᠷ ᠪᠠᠷᠠᠬᠤ ᠦᠭᠡᠢ᠂ ᠮᠥᠨ ᠴᠦ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠣᠶᠣᠯ ᠵᠢᠭᠤᠯᠴᠢᠯᠠᠯ ᠤᠨ | ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ | ᠬᠦᠴᠦᠲᠡᠢ ᠠᠷᠭ᠎ᠠ ᠬᠡᠮᠵᠢᠶ᠎ᠡ ᠮᠥᠨ᠂ ᠡᠨᠡ ᠨᠢ ᠪᠥᠬᠦ ᠣᠷᠣᠨ ᠤ ᠠᠵᠤ ᠦᠢᠯᠡᠳᠪᠦᠷᠢ ᠶᠢᠨ ᠵᠢᠭᠤᠯᠴᠢᠯᠠᠯ ᠢ ᠤᠯᠠᠮ | ᠨᠢᠭᠡ ᠠᠯᠬᠤᠮ ᠬᠥᠭᠵᠢᠭᠡᠵᠦ᠂ ︽5.19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠢᠷᠢᠰ | ᠠᠵᠢᠯᠯᠠᠭ᠎ᠠ ᠶᠢ ᠦᠷᠭᠦᠯᠵᠢᠯᠡᠨ ᠬᠥᠭᠵᠢᠭᠡᠵᠦ᠂ ᠪᠥᠬᠦ ᠣᠷᠣᠨ ᠤ ᠵᠢᠭᠤᠯᠴᠢᠯᠠᠯ ᠤᠨ ᠦᠢᠯᠡᠰ ᠤᠨ ᠲᠦᠷᠭᠡᠨ | ᠰᠡᠷᠭᠦᠬᠦ ᠶᠢ ᠠᠬᠢᠭᠤᠯᠬᠤ ᠪᠣᠯᠣᠨ᠎ᠠ᠃ | |