ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠰᠣᠶᠣᠯ ᠪᠠ | ᠵᠢᠭᠤᠯᠴᠢᠯᠠᠯ ᠤᠨ ᠲᠢᠩᠬᠢᠮ ︵ᠲᠣᠪᠴᠢᠶ᠎ᠠ︶᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠳᠤᠮᠳᠠᠳᠤ | ᠤᠯᠤᠰ ᠤᠨ ᠬᠡᠦᠬᠡᠳ ᠤᠨ ᠤᠷᠠᠯᠢᠭ ᠵᠦᠴᠦᠭᠡ ᠶᠢᠨ ᠬᠦᠷᠢᠶᠡᠯᠡᠩ ᠳᠤ᠄ | ︽ᠶᠢᠰᠦᠳᠦᠭᠡᠷ ᠬᠤᠭᠤᠴᠠᠭᠠᠨ ᠤ ᠪᠥᠬᠦ ᠤᠯᠤᠰ ᠤᠨ ᠰᠢᠯᠢᠳᠡᠭ ᠬᠡᠦᠬᠡᠳ ᠤᠨ ᠰᠢ ᠵᠦᠴᠦᠭᠡ ᠶᠢᠨ | ᠦᠵᠡᠭᠦᠯᠭᠡ ᠶᠢᠨ ᠲᠣᠭᠯᠠᠯᠲᠠ ᠶᠢ ᠡᠷᠭᠢᠯᠡᠬᠦ ᠲᠤᠬᠠᠢ ᠰᠣᠶᠣᠯ ᠪᠠ ᠵᠢᠭᠤᠯᠴᠢᠯᠠᠯ ᠤᠨ ᠶᠠᠮᠤᠨ ᠤ ᠤᠷᠠᠯᠢᠭ ᠤᠨ | ᠵᠤᠷᠭᠠᠨ ᠤ ᠮᠡᠳᠡᠭᠳᠡᠯ︾ ︵ᠤᠷᠠᠯᠢᠭ ᠰᠢ ᠵᠦᠴᠦᠭᠡ ᠪᠢᠴᠢᠭ ﹇2023﹈ 1 ᠳ᠋ᠦ᠋ᠭᠡᠷ ᠲᠣᠭᠠᠲᠤ︶ ᠢ | ᠳᠠᠷᠤᠮᠠᠯᠯᠠᠨ ᠲᠠᠷᠬᠠᠭᠠᠭᠰᠠᠨ ᠠᠴᠠ ᠨᠠᠭᠠᠰᠢ᠂ ᠡᠯ᠎ᠡ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠵᠢᠴᠢ ᠳᠤᠮᠳᠠᠳᠤ ᠤᠯᠤᠰ ᠤᠨ ᠬᠡᠦᠬᠡᠳ ᠤᠨ ᠤᠷᠠᠯᠢᠭ ᠵᠦᠴᠦᠭᠡ ᠶᠢᠨ ᠬᠦᠷᠢᠶᠡᠯᠡᠩ | ᠱᠠᠭᠠᠷᠳᠠᠯᠭ᠎ᠠ ᠶᠣᠰᠣᠭᠠᠷ ᠲᠣᠭᠯᠠᠯᠲᠠ ᠳᠤ ᠣᠷᠣᠯᠴᠠᠬᠤ ᠪᠦᠲᠦᠭᠡᠯ ᠢ ᠢᠳᠡᠪᠬᠢᠲᠡᠢ ᠪᠠᠷ ᠭᠤᠶᠤᠴᠢᠯᠠᠨ ᠲᠠᠨᠢᠯᠴᠠᠭᠤᠯᠵᠤ | ᠪᠠᠶᠢᠨ᠎ᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠤᠷᠠᠯᠢᠭ ᠤᠨ ᠵᠤᠷᠭᠠᠨ ᠲᠤᠰᠬᠠᠢ ᠮᠡᠷᠭᠡᠵᠢᠯᠲᠡᠨ ᠢ ᠵᠣᠬᠢᠶᠠᠨ | ᠪᠠᠶᠢᠭᠤᠯᠤᠨ ᠬᠢᠨᠠᠨ ᠰᠢᠯᠭᠠᠷᠠᠭᠤᠯᠵᠤ᠂ ᠵᠠᠷᠯᠠᠨ ᠨᠡᠶᠢᠲᠡᠯᠡᠭᠰᠡᠨ ᠤ ᠳᠠᠷᠠᠭ᠎ᠠ ᠶᠢᠰᠦᠳᠦᠭᠡᠷ ᠬᠤᠭᠤᠴᠠᠭᠠᠨ ᠤ ᠪᠥᠬᠦ | ᠤᠯᠤᠰ ᠤᠨ ᠰᠢᠯᠢᠳᠡᠭ ᠬᠡᠦᠬᠡᠳ ᠤᠨ ᠰᠢ ᠵᠦᠴᠦᠭᠡ ᠶᠢᠨ ᠦᠵᠡᠭᠦᠯᠭᠡ ᠶᠢᠨ ᠲᠣᠭᠯᠠᠯᠲᠠ ᠳᠤ ᠣᠷᠣᠯᠴᠠᠬᠤ | ᠪᠦᠲᠦᠭᠡᠯ ᠤᠨ ᠨᠡᠷᠡᠰ ᠢ ᠲᠣᠭᠲᠠᠭᠠᠪᠠ᠂ ᠣᠲᠣ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ | ᠮᠡᠲᠦ ᠮᠡᠳᠡᠭᠳᠡᠶ᠎ᠡ᠃ | ᠨᠢᠭᠡ᠂ ᠠᠵᠢᠯᠯᠠᠭ᠎ᠠ ᠡᠷᠭᠢᠯᠡᠬᠦ ᠴᠠᠭ᠂ ᠭᠠᠵᠠᠷ | 2023 ᠣᠨ ᠤ 5 ᠳ᠋ᠤᠭᠠᠷ ᠰᠠᠷ᠎ᠠ ᠶᠢᠨ 29 ᠤ ᠡᠳᠦᠷ ᠠᠴᠠ 6 ᠳ᠋ᠤᠭᠠᠷ ᠰᠠᠷ᠎ᠠ ᠶᠢᠨ 10 ᠤ ᠡᠳᠦᠷ | ᠪᠣᠯᠲᠠᠯ᠎ᠠ ᠰᠧᠴᠤᠸᠠᠨ ᠮᠤᠵᠢ ᠶᠢᠨ ᠨᠠᠨ ᠴᠦᠩ ᠬᠤᠲᠠ ᠳᠤ ᠶᠠᠪᠤᠭᠳᠠᠨ᠎ᠠ᠃ | ᠬᠤᠶᠠᠷ᠂ ᠲᠣᠭᠯᠠᠯᠲᠠ ᠶᠢᠨ ᠬᠡᠯᠪᠡᠷᠢ | ᠲᠣᠮᠣ ᠬᠡᠯᠪᠡᠷᠢ ᠶᠢᠨ ᠵᠦᠴᠦᠭᠡ ᠶᠢᠨ ᠪᠦᠲᠦᠭᠡᠯ 2 ᠤᠲᠠᠭ᠎ᠠ᠂ ᠬᠠᠮᠲᠤᠷᠠᠯᠴᠠᠭ᠎ᠠ ᠶᠢᠨ ᠵᠦᠴᠦᠭᠡ ᠶᠢᠨ | ᠪᠦᠲᠦᠭᠡᠯ 1 ᠤᠲᠠᠭ᠎ᠠ ᠲᠤᠭᠯᠠᠨ᠎ᠠ᠃ ᠲᠣᠭᠯᠠᠯᠲᠠ ᠳᠤ ᠣᠷᠣᠯᠴᠠᠭᠰᠠᠨ ᠵᠦᠴᠦᠭᠡ ᠶᠢᠨ ᠪᠦᠲᠦᠭᠡᠯ ᠢ ᠬᠠᠮᠲᠤ ᠳᠤ | ᠨᠢ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠳᠤ ᠣᠷᠣᠯᠴᠠᠭᠤᠯᠤᠨ᠎ᠠ᠃ | ᠭᠤᠷᠪᠠ᠂ ᠠᠵᠢᠯ ᠤᠨ ᠲᠣᠬᠢᠷᠠᠭᠤᠯᠤᠯᠲᠠ | ︵ᠨᠢᠭᠡ︶ ᠬᠤᠯᠪᠣᠭᠳᠠᠯ ᠪᠦᠬᠦᠢ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠯᠠᠯᠲᠠ ᠵᠢᠨᠨᠢᠭᠡᠴᠢ ᠶᠢᠨ ᠦᠵᠡᠭᠦᠯᠭᠡ ᠶᠢᠨ | ᠲᠣᠭᠯᠠᠯᠲᠠ ᠳᠤ ᠣᠷᠣᠯᠴᠠᠬᠤ ᠳᠤ ᠲᠥᠬᠦᠮ ᠨᠥᠬᠦᠴᠡᠯ ᠪᠦᠷᠢᠯᠳᠦᠭᠦᠯᠵᠦ ᠥᠭᠬᠦ ᠶᠢᠨ ᠬᠠᠮᠲᠤ ᠵᠣᠬᠢᠬᠤ ᠵᠠᠷᠤᠳᠠᠯ ᠤᠨ | ᠨᠥᠬᠦᠪᠦᠷᠢ ᠣᠯᠭᠤᠬᠤ ᠬᠡᠷᠡᠭᠲᠡᠢ︔ ᠬᠥᠮᠥᠨ ᠲᠣᠮᠢᠯᠠᠨ ᠪᠦᠯᠬᠦᠮ ᠳᠠᠭᠠᠭᠤᠯᠤᠨ ᠲᠣᠭᠯᠠᠯᠲᠠ ᠳᠤ ᠣᠷᠣᠯᠴᠠᠭᠤᠯᠵᠤ᠂ | ᠡᠯ᠎ᠡ ᠲᠣᠭᠯᠠᠯᠲᠠ ᠶᠢᠨ ᠨᠢᠭᠡᠴᠢ ᠶᠢ ᠰᠢᠪᠠᠳᠠᠨ ᠦᠵᠡᠭᠦᠯᠭᠡ ᠶᠢᠨ ᠠᠵᠢᠯᠯᠠᠭ᠎ᠠ ᠶᠢᠨ ᠡᠯ᠎ᠡ ᠵᠦᠢᠯ ᠤᠨ ᠲᠣᠭᠲᠠᠭᠠᠯ ᠤᠨ | ᠱᠠᠭᠠᠷᠳᠠᠯᠭ᠎ᠠ ᠶᠢ ᠵᠢᠷᠤᠮᠯᠠᠭᠤᠯᠬᠤ ᠬᠡᠷᠡᠭᠲᠡᠢ᠂ ᠲᠣᠭᠯᠠᠯᠲᠠ ᠳᠤ ᠣᠷᠣᠯᠴᠠᠬᠤ ᠨᠢᠭᠡᠴᠢ ᠶᠢ ᠵᠢᠯᠣᠭᠤᠳᠤᠨ ᠤᠷᠠᠨ | ᠪᠦᠲᠦᠭᠡᠯ ᠤᠨ ᠤᠷᠠᠯᠢᠭ ᠤᠨ ᠴᠢᠨᠠᠷ ᠴᠢᠨᠰᠠᠭ᠎ᠠ ᠶᠢ ᠨᠠᠷᠢᠨ ᠨᠢᠮᠪᠠᠢ ᠪᠣᠯᠪᠠᠰᠤᠷᠠᠭᠤᠯᠵᠤ᠂ ᠰᠠᠶᠢᠨ ᠰᠠᠶᠢᠬᠠᠨ ᠵᠤᠷᠢᠭ | ᠰᠠᠨᠠᠭᠠᠨ ᠤ ᠬᠡᠪ ᠨᠠᠮᠪᠠ ᠪᠠᠷ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠭᠤᠯᠬᠤ ᠬᠡᠷᠡᠭᠲᠡᠢ᠃ ᠲᠤᠰ ᠭᠠᠵᠠᠷ ᠤᠨ | ᠵᠣᠬᠢᠶᠠᠨ ᠪᠦᠲᠦᠭᠡᠯᠭᠡ ᠶᠢ ᠵᠣᠬᠢᠶᠠᠨ ᠪᠠᠶᠢᠭᠤᠯᠵᠤ᠂ ᠰᠢᠭᠦᠮᠵᠢᠯᠡᠭᠴᠢᠳ ᠢ ᠵᠣᠬᠢᠶᠠᠨ ᠪᠠᠶᠢᠭᠤᠯᠤᠨ ᠲᠣᠭᠯᠠᠯᠲᠠ | ᠦᠵᠡᠭᠦᠯᠬᠦ ᠬᠡᠷᠡᠭᠲᠡᠢ᠃ | ︵ᠬᠤᠶᠠᠷ︶ ᠭᠤᠣᠯᠯᠠᠨ ᠡᠷᠭᠢᠯᠡᠭᠰᠡᠨ ᠨᠢᠭᠡᠴᠢ ᠠᠴᠠ ᠦᠨᠡᠯᠡᠨ ᠲᠣᠭᠲᠠᠭᠠᠬᠤ ᠲᠤᠰᠬᠠᠢ ᠮᠡᠷᠭᠡᠵᠢᠯᠲᠡᠳ ᠢ | ᠵᠣᠬᠢᠶᠠᠨ ᠪᠠᠶᠢᠭᠤᠯᠤᠨ ᠪᠥᠬᠦ ᠶᠠᠪᠤᠴᠠ ᠪᠠᠷ ᠲᠣᠭᠯᠠᠯᠲᠠ ᠦᠵᠡᠭᠦᠯᠵᠦ᠂ ᠲᠣᠮᠣ ᠬᠡᠯᠪᠡᠷᠢ ᠶᠢᠨ ᠵᠦᠴᠦᠭᠡ ᠶᠢᠨ | ᠪᠦᠲᠦᠭᠡᠯ ᠳᠤ ᠦᠨᠡᠯᠡᠨ ᠲᠣᠭᠲᠠᠭᠠᠬᠤ ᠬᠤᠷᠠᠯ ᠡᠷᠭᠢᠯᠡᠵᠦ᠂ ᠲᠣᠭᠯᠠᠯᠲᠠ ᠭᠠᠷᠭᠠᠬᠤ ᠨᠢᠭᠡᠴᠢ ᠶᠢᠨ | ᠬᠠᠷᠢᠭᠤᠴᠠᠯᠭᠠᠲᠠᠨ ᠵᠢᠴᠢ ᠵᠦᠴᠦᠭᠡ ᠨᠠᠶᠢᠷᠠᠭᠤᠯᠤᠭᠴᠢ᠂ ᠤᠳᠤᠷᠢᠳᠤᠭᠠᠴᠢ᠂ ᠳᠠᠭᠤᠤ ᠬᠥᠭᠵᠢᠮ ᠤᠨ ᠵᠣᠬᠢᠶᠠᠨ | ᠪᠦᠲᠦᠭᠡᠯᠭᠡ᠂ ᠲᠠᠶᠢᠰᠠᠨ ᠤ ᠤᠷᠠᠯᠢᠭ ᠤᠨ ᠵᠢᠷᠤᠭ ᠲᠥᠯᠥᠪᠯᠡᠭᠡ ᠵᠡᠷᠭᠡ ᠭᠤᠣᠯ ᠡᠭᠦᠳᠦᠨ ᠪᠦᠲᠦᠭᠡᠭᠴᠢ ᠬᠤᠷᠠᠯ ᠳᠤ | ᠣᠷᠣᠯᠴᠠᠬᠤ ᠬᠡᠷᠡᠭᠲᠡᠢ᠃ | ︵ᠭᠤᠷᠪᠠ︶ ᠦᠵᠡᠭᠦᠯᠭᠡ ᠶᠢᠨ ᠬᠤᠭᠤᠴᠠᠭᠠᠨ ᠳᠤ ᠪᠦᠬᠦ ᠤᠯᠤᠰ ᠤᠨ ᠬᠡᠦᠬᠡᠳ ᠤᠨ ᠰᠢ ᠵᠦᠴᠦᠭᠡ ᠶᠢᠨ | ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠦᠨᠡᠯᠡᠨ ᠶᠠᠷᠢᠯᠴᠠᠬᠤ ᠲᠤᠰᠬᠠᠢ | ᠮᠡᠷᠭᠡᠵᠢᠯᠲᠡᠨ᠂ ᠡᠯ᠎ᠡ ᠮᠤᠵᠢ ︵ᠣᠷᠣᠨ᠂ ᠬᠤᠲᠠ︶ ᠶᠢᠨ ᠦᠵᠡᠭᠴᠢᠳ ᠤᠨ ᠲᠥᠯᠥᠭᠡᠯᠡᠭᠴᠢ᠂ ᠲᠣᠭᠯᠠᠯᠲᠠ ᠳᠤ | ᠣᠷᠣᠯᠴᠠᠬᠤ ᠨᠢᠭᠡᠴᠢ ᠶᠢᠨ ᠬᠠᠷᠢᠭᠤᠴᠠᠯᠭᠠᠲᠠᠨ ᠵᠡᠷᠭᠡ ᠶᠢ ᠵᠣᠬᠢᠶᠠᠨ ᠪᠠᠶᠢᠭᠤᠯᠵᠤ᠂ ᠬᠡᠦᠬᠡᠳ ᠤᠨ ᠰᠢ ᠵᠦᠴᠦᠭᠡ ᠶᠢ | ᠵᠣᠬᠢᠶᠠᠨ ᠪᠦᠲᠦᠭᠡᠵᠦ ᠲᠣᠭᠯᠠᠬᠤ ᠣᠳᠣᠬᠢ ᠪᠠᠶᠢᠳᠠᠯ ᠵᠢᠴᠢ ᠢᠷᠡᠭᠡᠳᠦᠢ ᠶᠢᠨ ᠭᠤᠣᠯ ᠰᠡᠳᠦᠪ ᠤᠨ ᠲᠣᠭᠤᠷᠢᠨ ᠳᠤ᠂ | ᠬᠡᠦᠬᠡᠳ ᠤᠨ ᠰᠢ ᠵᠦᠴᠦᠭᠡ ᠶᠢ ᠵᠣᠬᠢᠶᠠᠨ ᠪᠦᠲᠦᠭᠡᠵᠦ ᠲᠣᠭᠯᠠᠬᠤ ᠰᠢᠨ᠎ᠡ ᠬᠠᠨᠳᠤᠰᠢ ᠰᠢᠨ᠎ᠡ ᠬᠤᠪᠢᠷᠠᠯᠲᠠ ᠶᠢ | ᠰᠤᠳᠤᠯᠤᠨ ᠶᠠᠷᠢᠯᠴᠠᠵᠤ᠂ ᠬᠡᠦᠬᠡᠳ ᠤᠨ ᠰᠢ ᠵᠦᠴᠦᠭᠡ ᠶᠢ ᠪᠦᠲᠦᠭᠡᠯᠭᠡ ᠪᠠ ᠲᠣᠭᠯᠠᠯᠲᠠ ᠶᠢᠨ ᠵᠠᠬ᠎ᠠ ᠳᠡᠯᠭᠡᠭᠦᠷ ᠢ | ᠨᠡᠭᠡᠭᠡᠭᠰᠡᠨ ᠲᠤᠷᠰᠢᠯᠭ᠎ᠠ ᠶᠢ ᠰᠣᠯᠢᠯᠴᠠᠨ᠂ ᠪᠣᠳᠠᠲᠠᠢ ᠵᠦᠢᠯᠡᠰ ᠢ ᠠᠰ ᠲᠤ ᠨᠢ ᠮᠡᠳᠡᠭᠳᠡᠨ᠎ᠡ᠃ | ︵ᠳᠥᠷᠪᠡ︶ ᠲᠣᠭᠯᠠᠯᠲᠠ ᠳᠤ ᠣᠷᠣᠯᠴᠠᠭᠰᠠᠨ ᠡᠯ᠎ᠡ ᠨᠢᠭᠡᠴᠢ ᠠᠴᠠ ᠲᠣᠭᠯᠠᠯᠲᠠ ᠳᠤ ᠣᠷᠣᠯᠴᠠᠭᠰᠠᠨ | ᠪᠦᠲᠦᠭᠡᠯ ᠤᠨ ᠲᠠᠶᠢᠰᠠᠨ ᠤ ᠮᠡᠷᠭᠡᠵᠢᠯ ᠤᠨ ᠱᠠᠭᠠᠷᠳᠠᠯᠭ᠎ᠠ᠂ ᠲᠣᠭᠯᠠᠭᠴᠢ ᠶᠢᠨ ᠲᠤᠭ᠎ᠠ᠂ ᠪᠠᠭᠠᠵᠢ ᠬᠡᠷᠡᠭᠰᠡᠯ ᠂ | ᠲᠡᠷᠭᠡ ᠶᠢᠨ ᠬᠡᠪ ᠪᠠᠷᠢᠮᠵᠢᠶ᠎ᠠ ᠵᠢᠴᠢ ᠲᠤᠭ᠎ᠠ ᠬᠡᠮᠵᠢᠶ᠎ᠡ᠂ ᠦᠵᠡᠭᠦᠯᠭᠡ ᠶᠢᠨ ᠲᠣᠭᠯᠠᠯᠲᠠ ᠶᠢᠨ ᠴᠠᠭ ᠤᠨ ᠳᠣᠲᠣᠷᠠᠬᠢ | ᠬᠠᠮᠤᠭ ᠤᠨ ᠰᠠᠶᠢᠨ ᠰᠠᠨᠠᠮᠵᠢ ᠶᠢᠨ ᠬᠤᠭᠤᠴᠠᠭ᠎ᠠ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤ ᠨᠢ | 64172615@qq.com ᠢᠮᠧᠯ ᠳᠤ | ᠢᠯᠡᠭᠡᠭᠡᠷᠡᠢ᠃ | ︵ᠲᠠᠪᠤ︶ ᠦᠵᠡᠭᠦᠯᠭᠡ ᠶᠢᠨ ᠲᠣᠭᠯᠠᠯᠲᠠ ᠠᠴᠠ ᠡᠮᠦᠨ᠎ᠡ ᠪᠤᠲᠠᠲᠠᠢ ᠲᠤᠭᠯᠠᠯᠲᠠ ᠶᠢᠨ ᠴᠠᠭ ᠢ ᠠᠰ ᠲᠤ ᠨᠢ | ᠮᠡᠳᠡᠭᠳᠡᠨ᠎ᠡ᠃ | ᠬᠠᠷᠢᠯᠴᠠᠬᠤ ᠬᠥᠮᠥᠨ ᠵᠢᠴᠢ ᠬᠠᠷᠢᠯᠴᠠᠬᠤ ᠤᠲᠠᠰᠤ᠄ ᠯᠢᠦ ᠳ᠋ᠦᠩ 13619052772 | ᠹᠠᠺᠰ᠄ 0817-2226270 | ᠣᠨᠴᠠᠭᠠᠶᠢᠯᠠᠨ ᠮᠡᠳᠡᠭᠳᠡᠪᠡ᠃ | ᠰᠣᠶᠣᠯ ᠪᠠ ᠵᠢᠭᠤᠯᠴᠢᠯᠠᠯ ᠤᠨ ᠶᠠᠮᠤᠨ ᠤ | ᠤᠷᠠᠯᠢᠭ ᠤᠨ ᠵᠤᠷᠭᠠᠨ | 2023 ᠣᠨ ᠤ 5 ᠳ᠋ᠤᠭᠠᠷ ᠰᠠᠷ᠎ᠠ ᠶᠢᠨ | 4 ᠤ ᠡᠲᠦᠷ | | ︽ᠶᠢᠰᠦᠳᠦᠭᠡᠷ ᠬᠤᠭᠤᠴᠠᠭᠠᠨ ᠤ ᠪᠥᠬᠦ ᠤᠯᠤᠰ ᠤᠨ ᠰᠢᠯᠢᠳᠡᠭ ᠬᠡᠦᠬᠡᠳ ᠤᠨ ᠰᠢ ᠵᠦᠴᠦᠭᠡ ᠶᠢᠨ ᠲᠡᠯᠭᠡᠨ | ᠦᠵᠡᠭᠦᠯᠭᠡ ᠶᠢᠨ ᠲᠣᠭᠯᠠᠯᠲᠠ ᠶᠢᠨ ᠪᠦᠲᠦᠭᠡᠯ ᠤᠨ ᠨᠡᠷᠡᠰ︾ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠢᠲᠠᠳ ᠰᠦᠯᠵᠢᠶᠡᠨ ᠠᠴᠠ ᠯᠠᠪᠯᠠᠭᠠᠷᠠᠢ | | |