5 ᠳ᠋ᠤᠭᠠᠷ ᠰᠠᠷ᠎ᠠ ᠶᠢᠨ 8 ᠤ ᠡᠳᠦᠷ᠂ ᠪᠥᠬᠦ ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ | ᠮᠡᠷᠭᠡᠵᠢᠯ ᠤᠨ ᠺᠣᠮᠢᠰ ᠬᠤᠶᠠᠳᠤᠭᠠᠷ ᠪᠦᠯᠦᠭ ᠤᠨ ᠤᠯᠤᠰ ᠤᠨ ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ 66 ᠨᠢᠭᠡᠴᠢ ᠶᠢ ᠨᠡᠶᠢᠲᠡᠯᠡᠪᠡ᠃ ᠡᠭᠦᠨ ᠳᠤ᠂ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ | ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︵ᠮᠧᠩ ᠨᠢᠦ ᠠᠵᠤ ᠦᠢᠯᠡᠳᠪᠦᠷᠢ ᠶᠢᠨ | ᠵᠢᠭᠤᠯᠴᠢᠯᠠᠯ ᠤᠨ ᠦᠵᠡᠮᠵᠢ ᠶᠢᠨ ᠣᠷᠣᠨ︶᠂ ᠬᠡᠰᠢᠭᠲᠡᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠶᠢᠨ ︵ᠪᠦᠯᠦᠭᠯᠡᠯ︶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠠᠰᠬᠠᠲᠤ ᠶᠢᠨ | ᠴᠢᠯᠠᠭᠤᠨ ᠣᠶ ᠶᠢᠨ ᠦᠵᠡᠮᠵᠢ ᠶᠢᠨ ᠣᠷᠣᠨ︶ ᠨᠡᠷᠡᠰ ᠤᠨ ᠵᠢᠭᠰᠠᠭᠠᠯᠲᠠ ᠳᠤ ᠨᠡᠷ᠎ᠡ ᠪᠠᠨ ᠠᠯᠳᠠᠷᠰᠢᠭᠤᠯᠵᠠᠢ᠃ | ᠣᠲᠣ ᠪᠣᠯᠲᠠᠯ᠎ᠠ᠂ ᠮᠠᠨ ᠤ ᠣᠷᠣᠨ ᠳᠤ ᠪᠥᠬᠦ ᠤᠯᠤᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠨᠢᠭᠡᠴᠢ ᠨᠡᠶᠢᠲᠡ 4 ᠪᠠᠶᠢᠨ᠎ᠠ᠃ | ᠮᠠᠨ ᠤ ᠣᠷᠣᠨ ᠤ ᠲᠤᠰ ᠣᠳᠠᠭᠠᠨ ᠤ ᠨᠡᠷᠡᠶᠢᠳᠦᠭᠳᠡᠭᠰᠡᠨ 2 ᠨᠢᠭᠡᠴᠢ ᠨᠢ ᠴᠥᠮ 2022 ᠣᠨ ᠤ 8 | ᠳ᠋ᠤᠭᠠᠷ ᠰᠠᠷ᠎ᠠ ᠳᠤ ᠡᠭᠦᠳᠦᠨ ᠪᠠᠶᠢᠭᠤᠯᠬᠤ ᠬᠢᠷᠢ ᠬᠡᠮ ᠣᠯᠣᠭᠰᠠᠨ ᠪᠠᠶᠢᠨ᠎ᠠ᠂ ᠣᠶᠢᠷ᠎ᠠ ᠶᠢᠨ ᠵᠢᠯ ᠤᠳ ᠲᠤ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠡᠭᠦᠳᠦᠨ ᠪᠠᠶᠢᠭᠤᠯᠵᠤ | ᠬᠥᠮᠥᠵᠢᠬᠦᠯᠦᠨ ᠪᠣᠶᠢᠵᠢᠭᠤᠯᠬᠤ ᠪᠠᠷ ᠳᠡᠮᠵᠢᠨ ᠶᠡᠷᠦᠩᠬᠡᠢ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠪᠠ | ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢᠯᠡᠳᠲᠡ ᠳᠡᠭᠡᠭᠰᠢᠯᠡᠵᠦ᠂ ᠨᠡᠶᠢᠭᠡᠮ ᠵᠢᠷᠤᠮ ᠤᠨ ᠭᠤᠣᠯᠯᠠᠬᠤ | ᠥᠷᠲᠡᠭ ᠤᠨ ᠦᠵᠡᠯᠲᠡ ᠶᠢ ᠪᠠᠳᠠᠷᠠᠭᠤᠯᠬᠤ᠂ ᠪᠣᠯᠪᠠᠰᠤᠨ ᠵᠢᠭᠤᠯᠴᠢᠯᠠᠯ ᠤᠨ ᠠᠵᠢᠯ ᠤᠨ ᠵᠢᠱᠢᠶ᠎ᠡ ᠦᠵᠡᠭᠦᠯᠦᠨ | ᠳᠠᠶᠢᠴᠢᠯᠠᠬᠤ ᠦᠢᠯᠡᠳᠦᠯ ᠢ ᠪᠠᠳᠠᠷᠠᠭᠤᠯᠬᠤ᠂ ᠠᠵᠢᠯ ᠲᠥᠷᠥᠯ ᠤᠨ ᠪᠣᠯᠪᠠᠰᠤᠨ ᠵᠢᠭᠤᠯᠴᠢᠯᠠᠯ ᠤᠨ ᠠᠵᠢᠯ ᠤᠨ ᠬᠢᠷᠢ | ᠬᠡᠮᠵᠢᠶ᠎ᠡ ᠪᠠ ᠵᠢᠭᠤᠯᠴᠢᠯᠠᠭᠴᠢᠳ ᠤᠨ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠨᠡᠯᠢᠶᠡᠳ | ᠲᠣᠪᠣᠶᠢᠮ᠎ᠠ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠰᠣᠶᠣᠯ ᠪᠠ ᠵᠢᠭᠤᠯᠴᠢᠯᠠᠯ ᠤᠨ ᠶᠠᠮᠤᠨ ᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠥᠯᠦᠪᠵᠢᠭᠦᠯᠭᠡ ᠶᠢᠨ | ᠪᠠᠶᠢᠷᠢᠯᠠᠭᠤᠯᠤᠯᠲᠠ ᠶᠣᠰᠣᠭᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠤᠯᠤᠰ ᠤᠨ | ᠲᠠᠰ ᠤᠨ ᠪᠠ ᠮᠤᠵᠢ ᠶᠢᠨ ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ ᠶᠢ ᠨᠠᠩ ᠣᠯᠠᠨ | ᠪᠣᠶᠢᠵᠢᠭᠤᠯᠤᠨ᠎ᠠ᠃ |