ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠲᠥᠪ ᠶᠣᠰᠣ ᠶᠢ ᠰᠠᠬᠢᠬᠤ ᠪᠠ ᠰᠢᠨ᠎ᠡ ᠶᠢ ᠡᠭᠦᠳᠬᠦ ᠶᠢ | ᠤᠶᠠᠯᠳᠤᠭᠤᠯᠬᠤ ᠶᠢ ᠪᠠᠷᠢᠮᠲᠠᠯᠠᠵᠤ᠂ ᠲᠤᠰ ᠣᠷᠳᠣᠨ ᠤ ᠪᠠᠨ ᠣᠨᠴᠠᠯᠢᠭ ᠲᠠᠢ ᠤᠶᠠᠯᠳᠤᠭᠤᠯᠵᠤ᠂ ︽ᠭᠤᠣᠯ | ᠰᠡᠳᠦᠪᠲᠦ ᠨᠠᠮ ᠤᠨ ᠡᠳᠦᠷ +︾ ᠳᠡᠭᠡᠷ᠎ᠡ ᠠᠷᠭ᠎ᠠ ᠤᠬᠠᠭᠠᠨ ᠰᠦᠪᠡᠭᠴᠢᠯᠡᠵᠦ᠂ ᠭᠤᠣᠯ ᠰᠡᠳᠦᠪᠲᠦ ᠨᠠᠮ ᠤᠨ | ᠡᠳᠦᠷ ᠤᠨ ᠠᠵᠢᠯᠯᠠᠭ᠎ᠠ ᠶᠢ ᠰᠢᠨᠡᠴᠢᠯᠡᠵᠦ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠰᠢᠨ᠎ᠡ ᠬᠡᠪ ᠪᠠᠶᠢᠳᠠᠯ ᠢ | ᠪᠤᠢ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠪᠣᠯᠣᠨ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢ ᠠᠬᠢᠭᠤᠯᠵᠤ᠂ ᠭᠤᠣᠯ ᠰᠡᠳᠦᠪᠲᠦ | ᠨᠠᠮ ᠤᠨ ᠡᠳᠦᠷ ᠢ ᠦᠨᠡᠨ ᠬᠦ ᠨᠠᠮ ᠤᠨ ᠭᠡᠰᠢᠭᠦᠨ ᠤ ᠬᠥᠮᠦᠵᠢᠯ ᠤᠨ ︽ᠭᠤᠣᠯ ᠵᠢᠭᠰᠠᠭᠠᠯ ᠤᠨ ᠭᠠᠵᠠᠷ︾᠂ ᠤᠭ | ᠰᠠᠨᠠᠭ᠎ᠠ ᠪᠠᠨ ᠳᠠᠪᠲᠠᠨ ᠪᠣᠯᠪᠠᠰᠤᠷᠠᠭᠤᠯᠬᠤ ︽ᠰᠠᠭᠤᠷᠢ ᠴᠢᠯᠠᠭᠤ︾᠂ ᠤᠯᠠᠨ ᠲᠦᠮᠡᠨ ᠲᠠᠢ ᠬᠠᠷᠢᠯᠴᠠᠬᠤ ︽ᠭᠤᠣᠯ | ᠬᠥᠭᠦᠷᠭᠡ︾ ᠪᠤᠯᠭᠠᠪᠠ᠃ | ︽ᠭᠤᠣᠯ ᠰᠡᠳᠦᠪᠲᠦ ᠨᠠᠮ ᠤᠨ ᠡᠳᠦᠷ + ᠣᠨᠴᠠᠯᠢᠭᠲᠤ ᠠᠵᠢᠯᠯᠠᠭ᠎ᠠ︾ ᠨᠢ ᠨᠠᠮᠴᠢ ᠴᠢᠨᠠᠷ ᠢ ᠳᠠᠪᠲᠠᠨ | ᠪᠣᠯᠪᠠᠰᠤᠷᠠᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠪᠠ᠃ | ︽ᠭᠤᠣᠯ ᠰᠡᠳᠦᠪᠲᠦ ᠨᠠᠮ ᠤᠨ ᠡᠳᠦᠷ + ᠦᠢᠯᠡᠳᠦᠯᠭᠡ ᠶᠢᠨ ᠳᠠᠪᠲᠠᠯᠲᠠ︾ ᠨᠢ ᠠᠷᠠᠳ ᠲᠦᠮᠡᠨ ᠳᠤ | ᠦᠢᠯᠡᠴᠢᠯᠡᠬᠦ ᠬᠠᠯᠠᠭᠤᠨ ᠰᠡᠳᠬᠢᠯᠭᠡ ᠶᠢ ᠲᠠᠰᠤᠷᠠᠯᠳᠡ ᠦᠭᠡᠢ ᠳᠡᠭᠡᠭᠰᠢᠯᠡᠭᠦᠯᠪᠡ᠃ | ︽ᠭᠤᠣᠯ ᠰᠡᠳᠦᠪᠲᠦ ᠨᠠᠮ ᠤᠨ ᠡᠳᠦᠷ + ᠤᠨᠤᠯ ᠤᠨ ᠰᠤᠷᠤᠯᠴᠠᠯᠭ᠎ᠠ︾ ᠨᠢ ᠤᠨᠤᠯ ᠢᠶᠠᠷ ᠵᠡᠪᠰᠡᠭᠯᠡᠬᠦ | ᠭᠦᠨᠴᠡ ᠶᠢ ᠲᠠᠰᠤᠷᠠᠯᠳᠡ ᠦᠭᠡᠢ ᠳᠡᠭᠡᠭᠰᠢᠯᠡᠭᠦᠯᠪᠡ᠃ | ᠲᠣᠭᠲᠠᠮᠠᠯ ᠬᠤᠭᠤᠴᠠᠭ᠎ᠠ ᠲᠠᠢ ᠪᠠᠷ ︽ᠭᠤᠣᠯ ᠰᠡᠳᠦᠪᠲᠦ ᠨᠠᠮ ᠤᠨ ᠡᠳᠦᠷ +︾ ᠤᠨ ᠠᠵᠢᠯᠯᠠᠭ᠎ᠠ ᠶᠢ | ᠥᠷᠨᠢᠭᠦᠯᠬᠦ ᠪᠠᠷ ᠳᠠᠮᠵᠢᠭᠤᠯᠵᠤ᠂ ᠦᠵᠡᠰᠬᠦᠯᠡᠩ ᠤᠨ ᠣᠷᠳᠣᠨ ᠤ ᠨᠠᠮ ᠤᠨ ᠭᠡᠰᠢᠭᠦᠨ ᠢ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠳᠤ ᠪᠠᠶᠢᠩᠭᠤ ᠣᠷᠣᠯᠴᠠᠬᠤ ᠳᠠᠳᠬᠠᠯ ᠪᠠ ᠤᠬᠠᠮᠰᠠᠷ ᠲᠠᠢ ᠪᠣᠯᠭᠠᠵᠤ᠂ ᠨᠠᠮ ᠤᠨ | ᠵᠣᠬᠢᠶᠠᠨ ᠪᠠᠶᠢᠭᠤᠯᠤᠯᠲᠠ ᠳᠤ ᠬᠠᠷᠢᠶᠠᠯᠠᠭᠳᠠᠬᠤ ᠰᠡᠳᠬᠢᠯᠭᠡ ᠶᠢ ᠨᠢ ᠨᠡᠮᠡᠭᠳᠡᠭᠦᠯᠵᠦ᠂ ᠨᠠᠮ ᠤᠨ ᠵᠣᠬᠢᠶᠠᠨ | ᠪᠠᠶᠢᠭᠤᠯᠤᠯᠲᠠ ᠶᠢ ᠨᠡᠩ ᠢᠯᠡᠭᠦᠦ ᠨᠢᠭᠲᠠᠷᠠᠭᠤᠯᠬᠤ ᠬᠦᠴᠦᠨ᠂ ᠨᠥᠯᠥᠭᠡᠯᠡᠬᠦ ᠬᠦᠴᠦᠨ ᠪᠠ ᠤᠷᠢᠶᠠᠯᠠᠬᠤ | ᠬᠦᠴᠦᠨ ᠲᠠᠢ ᠪᠣᠯᠭᠠᠵᠤ᠂ ︽ᠭᠤᠣᠯ ᠰᠡᠳᠦᠪᠲᠦ ᠨᠠᠮ ᠤᠨ ᠡᠳᠦᠷ︾ ᠢ ᠤᠯᠠᠨ ᠲᠦᠮᠡᠨ ᠲᠠᠢ ᠣᠶᠢᠷᠠᠲᠤᠭᠤᠯᠵᠤ᠂ | ᠪᠣᠳᠠᠲᠤ ᠦᠷ᠎ᠡ ᠪᠦᠲᠦᠮᠵᠢ ᠲᠠᠢ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ | ᠦᠵᠡᠰᠬᠦᠯᠡᠩ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ | ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠡᠳᠦᠷ ᠤᠨ ᠠᠵᠢᠯᠯᠠᠭ᠎ᠠ ᠶᠢᠨ ᠰᠢᠨ᠎ᠡ ᠵᠠᠭᠪᠤᠷ ᠢ ᠲᠠᠰᠤᠷᠠᠯᠳᠡ ᠦᠭᠡᠢ | ᠰᠦᠪᠡᠭᠴᠢᠯᠡᠵᠦ᠂ ︽ᠭᠤᠣᠯ ᠰᠡᠳᠦᠪᠲᠦ ᠨᠠᠮ ᠤᠨ ᠡᠳᠦᠷ︾ ᠤᠨ ᠰᠢᠷᠢᠰ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ | ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠭᠦᠯᠬᠦ ᠶᠢ ᠠᠬᠢᠭᠤᠯᠬᠤ ᠪᠣᠯᠣᠨ᠎ᠠ᠃ |