5 ᠳ᠋ᠤᠭᠠᠷ ᠰᠠᠷ᠎ᠠ ᠶᠢᠨ 7 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠤᠬᠠᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠦᠨᠳᠦᠰᠦᠲᠡᠨ ᠤ ᠬᠡᠷᠡᠭ | ᠡᠷᠭᠢᠯᠡᠬᠦ ᠵᠦᠪᠯᠡᠯ | ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ | ᠲᠥᠪ ᠤᠨ ᠦᠨᠳᠦᠰᠦᠲᠡᠨ ᠤ ᠳᠠᠭᠤᠤ ᠪᠥᠵᠢᠭ ᠤᠨ ᠪᠦᠯᠬᠦᠮ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ | ᠬᠦᠷᠢᠶᠡᠯᠡᠩ ᠠᠴᠠ ᠡᠭᠦᠳᠦᠨ ᠪᠦᠲᠦᠭᠡᠭᠰᠡᠨ ᠥᠪᠥᠷ ᠮᠣᠩᠭᠤᠯ ᠤᠨ ᠰᠣᠩᠭᠤᠳᠠᠭ ᠳᠠᠭᠤᠤ ᠵᠢᠨᠦᠳᠡᠰᠢᠯᠡᠭᠡ ︽ᠪᠢ | ᠲᠠᠯ᠎ᠠ ᠨᠤᠲᠤᠭ ᠲᠠᠢ ᠪᠤᠯᠵᠤᠭ᠎ᠠ ᠲᠠᠢ︾ ᠶᠢ ᠪᠡᠭᠡᠵᠢᠩ ᠤᠨ ᠦᠨᠳᠦᠰᠦᠲᠡᠨ ᠤ ᠵᠦᠴᠦᠭᠡ ᠶᠢᠨ ᠬᠦᠷᠢᠶᠡᠯᠡᠩ ᠳᠤ | ᠠᠮᠵᠢᠯᠲᠠ ᠲᠠᠢ ᠡᠷᠭᠢᠯᠡᠵᠦ᠂ ᠪᠥᠬᠦ ᠤᠯᠤᠰ ᠤᠨ ᠲᠣᠭᠤᠷᠢᠨ ᠲᠣᠭᠯᠠᠯᠲᠠ ᠶᠢᠨ ᠬᠦᠰᠢᠭᠡ ᠶᠢ ᠢᠷᠠᠪᠠ᠃ | ᠲᠤᠰ ᠤᠳᠠᠭ᠎ᠠ ᠶᠢᠨ ᠲᠣᠭᠯᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ | ᠬᠦᠷᠢᠶᠡᠯᠡᠩ ᠲᠥᠪ ᠤᠨ ᠦᠨᠳᠦᠰᠦᠲᠡᠨ ᠤ ᠳᠠᠭᠤᠤ ᠪᠥᠵᠢᠭ ᠤᠨ ᠪᠦᠯᠬᠦᠮ ᠲᠠᠢ ᠪᠦᠳᠦᠭᠦᠪᠴᠢ ᠬᠠᠮᠲᠤᠷᠠᠯᠴᠠᠭᠠᠨ ᠤ | ᠵᠥᠪᠯᠡᠯᠴᠡᠭᠡᠷ ᠲᠣᠬᠢᠷᠠᠯᠴᠠᠵᠤ᠂ ᠰᠣᠳᠣᠨ ᠪᠦᠲᠦᠭᠡᠯ ᠵᠣᠬᠢᠶᠠᠨ ᠪᠦᠲᠦᠭᠡᠬᠦ᠂ ᠲᠣᠭᠯᠠᠯᠲᠠ ᠶᠢ ᠤᠬᠠᠭᠤᠯᠤᠨ | ᠳᠡᠯᠭᠡᠷᠡᠭᠦᠯᠬᠦ᠂ ᠴᠢᠬᠤᠯᠠ ᠶᠡᠭᠡ ᠪᠠᠶᠠᠷ ᠤᠨ ᠲᠣᠭᠯᠠᠯᠲᠠ ᠶᠢᠨ ᠠᠵᠢᠯᠯᠠᠭ᠎ᠠ ᠶᠢ ᠳᠠᠭᠠᠭᠠᠴᠢᠯᠠᠨ ᠬᠢᠬᠦ᠂ ᠤᠷᠠᠯᠢᠭ ᠤᠨ | ᠪᠣᠯᠪᠠᠰᠤᠷᠠᠯ ᠤᠨ ᠲᠦᠷᠦᠯ ᠵᠦᠢᠯ ᠢ ᠨᠡᠭᠡᠭᠡᠨ ᠬᠥᠭᠵᠢᠭᠦᠯᠬᠦ᠂ ᠴᠢᠳᠠᠪᠤᠷᠢᠲᠠᠨ ᠤ ᠰᠣᠯᠢᠯᠴᠠᠭ᠎ᠠ ᠪᠣᠯᠪᠠᠰᠤᠷᠠᠯ ᠵᠡᠷᠭᠡ | ᠲᠠᠯ᠎ᠠ ᠪᠠᠷ ᠪᠡᠭᠡᠵᠢᠩ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ | ᠨᠡᠭᠡᠭᠡᠪᠡ᠃ ᠡᠭᠦᠨ ᠤ ᠬᠠᠮᠲᠤ ᠪᠠᠰᠠ ᠲᠣᠭᠯᠠᠯᠲᠠ ᠶᠢᠨ ᠠᠵᠢᠯ ᠲᠦᠷᠦᠯ ᠪᠣᠯᠣᠨ ᠤᠷᠠᠯᠢᠭ ᠤᠨ ᠲᠤᠰᠬᠠᠢ | ᠮᠡᠷᠭᠡᠵᠢᠯᠲᠡᠨ ᠤ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠠᠮᠲᠤᠷᠠᠯᠴᠠᠭᠠᠨ ᠤ ᠬᠦᠷᠢᠶ᠎ᠡ ᠶᠢ | ᠴᠢᠨᠠᠭᠰᠢᠳᠠ ᠥᠷᠭᠡᠳᠬᠡᠵᠦ᠂ ᠰᠢᠨ᠎ᠡ ᠶᠢ ᠡᠭᠦᠳᠬᠦ ᠠᠭᠤᠰᠤᠯᠴᠠᠨ ᠬᠥᠭᠵᠢᠬᠦ ᠶᠢ ᠪᠡᠶᠡᠯᠡᠭᠦᠯᠵᠡᠢ᠃ | ᠳᠠᠷᠠᠭᠠᠴᠢ ᠶᠢᠨ ᠥᠪᠥᠷ ᠮᠣᠩᠭᠤᠯ ᠤᠨ ᠰᠣᠩᠭᠤᠳᠠᠭ ᠳᠠᠭᠤᠤ ᠶᠢᠨ ᠲᠣᠭᠯᠠᠯᠲᠠ ᠶᠢᠨ ᠪᠦᠬᠦ ᠤᠯᠤᠰ ᠤᠨ | ᠲᠣᠭᠤᠷᠢᠨ ᠲᠣᠭᠯᠠᠯᠲᠠ ᠳᠤ᠂ ᠲᠡᠭᠷᠢ᠂ ᠬᠦᠰᠡᠯᠡᠩ᠂ ᠤᠯᠠᠭᠠᠨᠲᠤᠶᠠᠭ᠎ᠠ᠂ ᠣᠷᠴᠢᠯᠠᠩ ᠵᠡᠷᠭᠡ ᠥᠪᠥᠷ ᠮᠣᠩᠭᠤᠯ ᠤᠨ | ᠤᠷᠠᠯᠢᠭᠴᠢᠨ ᠪᠠ ᠳᠠᠭᠤᠴᠢᠨ ᠢ ᠤᠷᠢᠵᠤ᠂ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠭᠴᠢ ᠶᠢ ᠣᠷᠣᠯᠴᠠᠭᠤᠯᠵᠤ᠂ ᠥᠪᠥᠷ ᠮᠣᠩᠭᠤᠯ ᠤᠨ ᠢᠳᠡᠭᠡᠨ ᠤᠮᠳᠠᠭᠠᠨ ᠤ ᠰᠣᠶᠣᠯ᠂ ᠬᠤᠪᠴᠠᠰᠤ | ᠵᠠᠰᠠᠯ ᠤᠨ ᠰᠣᠶᠣᠯ᠂ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠶᠢ ᠳᠡᠯᠭᠡᠨ ᠦᠵᠡᠭᠦᠯᠬᠦ ᠪᠠ ᠤᠬᠠᠭᠤᠯᠵᠤ᠂ | ᠲᠣᠭᠯᠠᠯᠲᠠ ᠶᠢᠨ ᠴᠢᠳᠠᠮᠵᠢ ᠶᠢ ᠶᠡᠬᠡᠰᠬᠡᠵᠦ᠂ ᠦᠵᠡᠭᠴᠢᠳ ᠲᠤ ᠪᠥᠬᠦ ᠲᠠᠯ᠎ᠠ ᠶᠢᠨ ᠦᠵᠡᠵᠦ ᠰᠣᠨᠣᠰᠬᠤ ᠤᠷᠠᠯᠢᠭ ᠢ | ᠡᠳ᠋ᠯᠡᠭᠦᠯᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠥᠪᠥᠷ ᠮᠣᠩᠭᠤᠯ ᠢ ᠮᠡᠳᠡᠷᠡᠭᠦᠯᠬᠦ ᠪᠤᠯᠤᠨ᠎ᠠ᠃ |