ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠪᠦᠬᠦ ᠤᠯᠤᠰ ᠤᠨ ᠲᠠᠶᠢᠰᠠᠨ ᠤ ᠤᠷᠠᠯᠢᠭ ᠤᠨ | ᠰᠢᠯᠢᠳᠡᠭ ᠲᠤᠭᠯᠠᠯᠲᠠ ᠶᠢᠨ ᠵᠣᠬᠢᠶᠠᠨ ᠪᠦᠲᠦᠭᠡᠯᠭᠡ ᠶᠢ ᠲᠡᠳᠬᠦᠨ ᠳᠡᠮᠵᠢᠬᠦ ᠲᠥᠯᠥᠪᠯᠡᠭᠡ ᠶᠢᠨ ᠰᠣᠩᠭᠤᠭᠳᠠᠭᠰᠠᠨ | ᠪᠦᠲᠦᠭᠡᠯ ᠪᠠ ᠬᠥᠮᠥᠰ ᠤᠨ ᠨᠡᠷᠡᠰ ᠢ ᠨᠡᠶᠢᠲᠡᠯᠡᠪᠡ᠃ ᠥᠪᠥᠷ ᠮᠣᠩᠭᠤᠯ ᠤᠨ ᠤᠷᠠᠯᠢᠭ ᠵᠦᠴᠦᠭᠡ ᠶᠢᠨ | ᠬᠦᠷᠢᠶᠡᠯᠡᠩ ᠤᠨ ᠳᠠᠭᠤᠤ ᠪᠥᠵᠢᠭ ᠤᠨ ᠪᠦᠯᠬᠦᠮ ᠤᠨ ᠰᠡᠷᠡᠩᠳᠤᠯᠮ᠎ᠠ᠂ ᠥᠪᠥᠷ ᠮᠣᠩᠭᠤᠯ ᠤᠨ ᠤᠷᠠᠯᠢᠭ | ᠵᠦᠴᠦᠭᠡ ᠶᠢᠨ ᠬᠦᠷᠢᠶᠡᠯᠡᠩ ᠤᠨ ᠡᠯ ᠷᠧᠨ ᠲᠠᠢ ᠤᠷᠠᠯᠢᠭ ᠤᠨ ᠪᠦᠯᠬᠦᠮ ᠤᠨ ᠡᠯ ᠷᠧᠨ ᠲᠠᠢ ᠶᠢᠨ ᠤᠳᠤ ᠦᠶ᠎ᠡ ᠶᠢᠨ | ᠰᠢ ︽ᠯᠢᠦ ᠢ ᠳ᠋ᠣᠣ︾ ︽ᠨᠡᠷᠡᠰ ᠤᠨ ᠵᠢᠭᠰᠠᠭᠠᠯᠲᠠ ᠲᠤ ᠳᠤᠲᠤᠷᠠᠵᠤ︾᠂ ᠲᠤᠰ ᠲᠤᠰ ᠪᠥᠵᠢᠭ ᠤᠨ | ᠲᠣᠭᠯᠠᠯᠲᠠ ᠶᠢᠨ ᠲᠦᠷᠦᠯ᠂ ᠰᠢᠨ᠎ᠡ ᠪᠠᠷ ᠵᠤᠬᠢᠶᠠᠨ ᠪᠦᠲᠦᠭᠡᠭᠰᠡᠨ ᠪᠣᠳᠠᠲᠤ ᠠᠬᠤᠢ ᠶᠢᠨ ᠰᠡᠳᠦᠪᠲᠦ ᠰᠢ | ᠵᠦᠴᠦᠭᠡ ᠶᠢᠨ ᠣᠬᠤᠷ ᠵᠦᠴᠦᠭᠡ ᠶᠢᠨ ᠲᠦᠷᠦᠯ ᠤᠨ ᠲᠡᠳᠬᠦᠬᠦ ᠲᠥᠯᠥᠪᠯᠡᠭᠡ ᠳᠤ ᠰᠣᠩᠭᠤᠭᠳᠠᠪᠠ᠃ | ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠡᠯ ᠷᠧᠨ ᠲᠠᠢ ᠤᠷᠠᠯᠢᠭ ᠤᠨ | ᠪᠦᠯᠬᠦᠮ ᠤᠨ ᠡᠯ ᠷᠧᠨ ᠲᠠᠢ ᠶᠢᠨ ᠤᠳᠤ ᠦᠶ᠎ᠡ ᠶᠢᠨ ᠰᠢ ︽ᠯᠢᠦ ᠢ ᠳ᠋ᠣᠣ︾ ᠳᠤ ᠬᠤᠯᠠ ᠣᠶᠢᠷ᠎ᠠ ᠳᠤ ᠪᠠᠨ | ᠠᠯᠳᠠᠷᠲᠠᠢ ᠬᠥᠳᠡᠭᠡ ᠲᠣᠰᠬᠤᠨ ᠤ ᠮᠠᠯ ᠤᠨ ᠡᠮᠴᠢ ᠯᠢᠦ ᠢ ᠳ᠋ᠣᠣ᠂ ᠭᠠᠷ ᠤᠨ ᠡᠷᠳᠡᠮ ᠢᠶᠠᠷ ᠢᠶᠠᠨ ᠤᠷᠢᠳ ᠢᠶᠠᠷ | ᠶᠠᠳᠠᠭᠤ ᠠᠴᠠ ᠠᠩᠭᠢᠵᠢᠷᠠᠵᠤ᠂ ᠰᠡᠭᠦᠯᠡᠷ ᠨᠢ ᠠᠷᠢᠬᠢᠨ ᠳᠤ ᠰᠢᠨᠤᠭᠰᠠᠨ ᠠᠴᠠ ᠪᠣᠯᠵᠤ ᠨᠢᠭᠡᠮᠦᠰᠦᠨ ᠳᠣᠷᠣᠶᠢᠲᠠᠭᠠᠳ | ᠲᠠᠬᠢᠨ ᠶᠠᠳᠠᠭᠤᠷᠠᠪᠠ᠂ ᠰᠢᠶᠠᠩ ᠤᠨ ᠵᠠᠰᠠᠭ ᠤᠨ ᠣᠷᠳᠣᠨ ᠤ ᠯᠢᠶᠠᠩ ᠲᠤᠰᠠᠯᠠᠭᠴᠢ ︽ᠪᠢ ᠤᠯᠠᠨ ᠲᠦᠮᠡᠨ ᠳᠤ | ᠪᠣᠳᠠᠲᠠᠢ ᠶᠠᠪᠤᠳᠠᠯ ᠬᠢᠵᠦ ᠥᠭᠬᠦ︾ ᠲᠥᠯᠥᠪᠯᠡᠭᠡ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠯᠢᠦ ᠢ ᠳ᠋ᠣᠣ ᠶᠢ | ᠪᠦᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠵᠦ ᠪᠠᠶᠢᠭᠠᠳ ᠠᠵᠢᠯᠴᠢ ᠬᠥᠳᠡᠯᠮᠦᠷᠢᠴᠢ ᠪᠠᠷ ᠪᠠᠶᠠᠵᠢᠬᠤ ᠵᠠᠮ ᠳᠤ | ᠲᠠᠬᠢᠨ ᠣᠷᠣᠭᠤᠯᠤᠭᠰᠠᠨ ᠦᠯᠢᠭᠡᠷ ᠢ ᠶᠠᠷᠢᠪᠠ᠃ ᠲᠣᠰ ᠵᠦᠴᠦᠭᠡ ᠨᠢ ᠡᠯ᠎ᠡ ᠱᠠᠲᠤᠨ ᠤ ᠵᠠᠰᠠᠭ ᠤᠨ ᠣᠷᠳᠣᠨ᠂ | ᠢᠯᠠᠩᠭᠤᠶ᠎ᠠ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠠᠵᠢᠯ ᠢ ᠢᠳᠡᠪᠬᠢᠲᠡᠢ ᠥᠷᠨᠢᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠰᠢᠭ | ᠲᠤᠰᠠ ᠶᠢ ᠬᠤᠯᠪᠣᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠴᠢᠳᠠᠪᠤᠷᠢ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠢ ᠳᠤᠰᠬᠠᠪᠠ᠃ | ︽ᠯᠢᠦ ᠢ ᠳ᠋ᠣᠣ︾ 2022 ᠣᠨ ᠤ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠡᠯ ᠷᠧᠨ ᠲᠠᠢ | ᠤᠷᠠᠯᠢᠭ ᠤᠨ ᠨᠠᠶᠢᠷ ᠵᠢᠴᠢ ᠬᠠᠲᠤᠨ ᠭᠤᠣᠯ ᠳᠠᠭᠠᠤ ᠮᠤᠵᠢ ᠣᠷᠣᠨ ᠤ ᠣᠷᠣᠨ ᠨᠤᠲᠤᠭ ᠤᠨ ᠰᠢ ᠵᠦᠴᠦᠭᠡ ᠶᠢᠨ | ᠦᠵᠡᠭᠦᠯᠭᠡ ᠶᠢᠨ ᠲᠣᠭᠯᠠᠯᠲᠠ ᠳᠤ ᠪᠠᠭ᠎ᠠ ᠬᠡᠯᠪᠡᠷᠢ ᠶᠢᠨ ᠵᠦᠴᠦᠭᠡ ︵ᠲᠤᠭᠯᠠᠯᠲᠠ︶ ᠶᠢᠨ ᠬᠤᠶᠠᠳᠤᠭᠠᠷ ᠳᠡᠰ ᠤᠨ | ᠱᠠᠩᠨᠠᠯ ᠭᠥᠷᠳᠡᠪᠡ᠃ |