5 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨᠡᠬᠢ 9 ᠴᠠᠭ ᠲᠤ᠂ ︽ᠳᠤᠮᠳᠠᠳᠤ ᠤᠯᠤᠰ ᠤᠨ | ᠵᠢᠭᠤᠯᠴᠢᠯᠠᠯ ᠤᠨ ᠡᠳᠦᠷ︾ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠬᠤᠷᠠᠯ ᠤᠨ | ᠲᠠᠯᠠᠪᠠᠶ ᠶᠢᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠣᠷᠳᠣᠰ ᠬᠤᠲᠠ ᠶᠢᠨ ᠬᠢᠶ᠎ᠠ ᠪᠠᠭᠰᠢ | ᠲᠣᠭᠤᠷᠢᠭ ᠤᠨ ᠬᠤᠶᠠᠷ ᠵᠠᠭᠠᠯ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ ᠨᠡᠷᠡᠲᠦ ᠬᠥᠮᠥᠰ ᠢ ᠤᠷᠢᠵᠤ ᠥᠪᠥᠷ ᠮᠣᠩᠭᠤᠯ ᠤᠨ ᠵᠢᠭᠤᠯᠴᠢᠯᠠᠯ ᠤᠨ | ᠲᠤᠬᠠᠢ ᠶᠠᠷᠢᠭᠤᠯᠵᠤ᠂ ︽几 ᠦᠰᠦᠭ ᠬᠡᠯᠪᠡᠷᠢᠲᠦ ᠲᠤᠬᠤᠢ ᠪᠠᠷ ᠲᠠᠪᠠᠲᠠᠢ ᠵᠢᠭᠤᠯᠴᠢᠯᠠᠬᠤ︾ ᠦᠪᠡᠰᠦᠪᠡᠨ ᠮᠠᠰᠢᠨ | ᠢᠶᠠᠷ ᠲᠤᠭᠤᠷᠢᠬᠤ ᠵᠢᠭᠤᠯᠴᠢᠯᠠᠯ ᠶᠢ ᠡᠬᠢᠯᠡᠭᠦᠯᠬᠦ ᠵᠠᠷᠯᠢᠭ ᠪᠠᠭᠤᠯᠭᠠᠵᠤ᠂ ︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ | ᠥᠪᠥᠷ ᠮᠣᠩᠭᠤᠯ ᠤᠨ ᠵᠢᠭᠤᠯᠴᠢᠯᠠᠯ ᠤᠨ ᠲᠠᠸᠠᠷ ᠤᠨ ᠦᠵᠡᠰᠭᠦᠯᠡᠩ ᠢ ᠡᠷᠭᠢᠯᠡᠵᠦ᠂ ᠪᠥᠬᠦ ᠣᠷᠣᠨ ᠤ | ᠵᠢᠭᠤᠯᠴᠢᠯᠠᠯ ᠤᠨ ᠨᠡᠶᠢᠲᠡ ᠶᠢᠨ ᠠᠰᠠᠷᠠᠮᠵᠢ ᠶᠢᠨ ᠳᠦᠷᠢ ᠲᠥᠷᠬᠦ ᠶᠢᠨ ᠡᠯᠴᠢᠨ᠂ ᠤᠯᠤᠰ ᠤᠨ ᠪᠣᠯᠪᠠᠰᠤᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ᠂ ᠤᠯᠤᠰ ᠤᠨ ᠲᠠᠰ ᠤᠨ ᠰᠥᠨᠢ ᠶᠢᠨ ᠰᠣᠶᠣᠯ ᠤᠨ ᠵᠢᠭᠤᠯᠴᠢᠯᠠᠯ ᠤᠨ | ᠬᠡᠷᠡᠭᠯᠡᠭᠡᠨ ᠤ ᠲᠥᠪᠯᠡᠷᠡᠭᠰᠡᠨ ᠣᠷᠣᠨ᠂ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ ᠲᠣᠰᠬᠤᠨ ᠪᠠᠯᠭᠠᠰᠤ ᠵᠡᠷᠭᠡ ᠨᠢᠭᠡᠴᠢ ︵ᠬᠤᠪᠢ ᠬᠥᠮᠥᠨ︶ ᠳᠤ ᠫᠠᠶᠢᠰᠠ ᠤᠯᠭᠤᠭᠰᠠᠨ ᠪᠦᠭᠡᠳ | ᠲᠤᠬᠠᠢ ᠶᠢᠨ ᠲᠠᠯᠠᠪᠤᠷ ᠲᠤ ᠪᠠᠰᠠ ︽ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ | ᠰᠣᠶᠣᠯ ᠵᠢᠭᠤᠯᠴᠢᠯᠠᠯ ᠢ ᠭᠠᠶᠢᠬᠠᠭᠤᠯᠬᠤ ᠶᠡᠭᠡ ᠤᠷᠤᠯᠳᠤᠭᠠᠨ︾ ᠤ ᠦᠷ᠎ᠡ ᠳ᠋ᠦᠩ ᠢ ᠨᠡᠶᠢᠲᠡᠯᠡᠭᠰᠡᠨ ᠪᠥᠭᠡᠳ ᠱᠠᠩᠨᠠᠯ | ᠣᠯᠭᠤᠵᠤ᠂ ︽ᠥᠪᠥᠷ ᠮᠣᠩᠭᠤᠯ ᠤᠨ ᠰᠣᠶᠣᠯ ᠵᠢᠭᠤᠯᠴᠢᠯᠠᠯ︾ ᠨᠡᠪᠲᠡᠷᠡᠭᠦᠯᠭᠡ ᠶᠢᠨ ᠡᠬᠢᠯᠡᠯᠲᠡ ᠶᠢᠨ ᠶᠣᠰᠣᠯᠠᠯ ᠤᠨ | ᠲᠠᠨᠢᠯᠴᠠᠭᠤᠯᠭ᠎ᠠ ᠶᠢ ᠨᠡᠶᠢᠲᠡᠯᠡᠪᠡ᠃ ᠲᠤᠬᠠᠢ ᠶᠢᠨ ᠡᠳᠦᠷ ᠪᠠᠰᠠ ᠣᠷᠳᠣᠰ ᠤᠨ 12 ᠳ᠋ᠤᠭᠠᠷ ᠬᠤᠭᠤᠴᠠᠭᠠᠨ ᠤ ︽ | ᠮᠠᠨᠳᠠᠷᠠᠸ᠎ᠠ ᠰᠣᠶᠣᠯ ᠤᠨ ᠨᠠᠶᠢᠷ︾ ᠢ ᠡᠷᠭᠢᠯᠡᠵᠦ᠂ ᠠᠷᠠᠳ ᠲᠤ ᠠᠰᠢᠭ ᠬᠦᠷᠲᠡᠭᠡᠬᠦ ᠪᠥᠵᠢᠭᠲᠦ ᠵᠦᠴᠦᠭᠡ ︽ | ᠥᠨᠢᠳᠡ ᠪᠠᠯᠠᠷᠠᠰᠢ ᠦᠭᠡᠢ ᠴᠠᠬᠢᠯᠭᠠᠨ ᠳᠣᠯᠭᠢᠶᠠᠨ︾ ᠢ ᠲᠤᠭᠯᠠᠵᠤ᠂ ᠵᠢᠯᠣᠭᠤᠴᠢ ᠦᠭᠡᠢ ᠨᠢᠰᠬᠡᠯ ᠤᠨ ᠬᠤᠸᠠᠷ | ᠫᠤᠤᠵᠢᠩ ᠤᠨ ᠦᠵᠡᠭᠦᠯᠭᠡ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠣᠷᠳᠣᠰ ᠲᠤ 10 ᠲᠦᠮᠡᠨ ᠬᠠᠭᠤᠳᠠᠰᠤ | ᠰᠣᠶᠣᠯ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠺᠠᠷᠲ ᠲᠠᠷᠬᠠᠭᠠᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠦᠷᠭᠦᠯᠵᠢᠯᠡᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ | ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠡᠷᠭᠦᠭᠡᠨ | ᠬᠥᠭᠵᠢᠭᠦᠯᠬᠦ ᠶᠢ ᠳᠡᠮᠵᠢᠬᠦ 15 ᠵᠤᠷᠪᠤᠰ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠰᠠᠭᠤᠷᠢᠨ ᠳᠡᠭᠡᠷ᠎ᠡ᠂ ᠵᠢᠭᠤᠯᠴᠢᠯᠠᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ ᠵᠡᠷᠭᠡ ᠪᠢᠴᠢᠭ | ᠮᠠᠲ᠋ᠧᠷᠢᠶᠠᠯ ᠢ ᠲᠣᠭᠲᠠᠭᠠᠨ ᠨᠡᠶᠢᠲᠡᠯᠡᠵᠦ᠂ ᠰᠣᠶᠣᠯ ᠵᠢᠭᠤᠯᠴᠢᠯᠠᠯ ᠤᠨ 1+N+X ᠠᠵᠢᠯᠯᠠᠭ᠎ᠠ ᠶᠢ ᠥᠷᠨᠢᠭᠦᠯᠦᠨ᠂ | ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠢ᠂ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ | ᠲᠥᠷᠥᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠲᠤ ᠡᠨᠧᠷᠭᠢ ᠣᠯᠭᠤᠬᠤ ᠢ ᠠᠬᠢᠭᠤᠯᠵᠤ᠂ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠬᠥᠭᠵᠢᠭᠡᠨ᠂ ᠥᠪᠥᠷ ᠮᠣᠩᠭᠤᠯ ᠢ ᠦᠪᠡᠰᠦᠪᠡᠨ ᠮᠠᠰᠢᠨ | ᠢᠶᠠᠷ ᠵᠢᠭᠤᠯᠴᠢᠯᠠᠬᠤ ᠶᠢᠨ ᠲᠡᠷᠢᠭᠦᠨ ᠤ ᠰᠣᠩᠭᠤᠬᠤ ᠭᠠᠵᠠᠷ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠰᠢᠯᠢᠳᠡᠭ | ᠰᠤᠩᠭᠤᠯᠲᠠ ᠶᠢᠨ ᠭᠠᠵᠠᠷ᠂ ᠠᠮᠠᠷᠠᠯᠲᠠ ᠶᠢᠨ ᠵᠢᠭᠤᠯᠴᠢᠯᠠᠯ ᠤᠨ ᠵᠠᠪᠠᠯ ᠰᠤᠩᠭᠤᠬᠤ ᠭᠠᠵᠠᠷ᠂ ᠡᠷᠡᠭᠦᠯ ᠮᠡᠨᠳᠦ ᠶᠢᠨ | ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ ᠰᠤᠩᠭᠤᠯᠲᠠ ᠶᠢᠨ ᠭᠠᠵᠠᠷ ᠪᠣᠯᠭᠠᠬᠤ ᠪᠠᠷ ᠴᠢᠷᠮᠠᠶᠢᠨ᠎ᠠ᠃ |