5 ᠳ᠋ᠤᠭᠠᠷ ᠰᠠᠷ᠎ᠠ ᠶᠢᠨ 18 ᠤ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ | 2023 ᠣᠨ ᠤ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠤᠶ᠎ᠠ︾ ᠭᠡᠬᠦ ᠭᠤᠣᠯ ᠰᠡᠳᠦᠪᠲᠦ ᠦᠵᠡᠰᠬᠦᠯᠡᠩ ᠳᠤ | ᠲᠠᠨᠢᠯᠴᠠᠭᠤᠯᠤᠭᠰᠠᠨ 100 ᠲᠦᠷᠦᠯ ᠵᠦᠢᠯ ᠢ ᠨᠡᠶᠢᠲᠡᠯᠡᠵᠦ᠂ ᠡᠭᠦᠨ ᠳᠤ ᠭᠤᠣᠯᠳᠠᠯᠭ᠎ᠠ ᠲᠠᠢ ᠲᠠᠨᠢᠯᠴᠠᠭᠤᠯᠤᠭᠰᠠᠨ | 20 ᠲᠦᠷᠦᠯ ᠵᠦᠢᠯ ᠪᠤᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ | ᠵᠦᠢᠯᠡᠰ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠮᠦᠽᠧᠢ ᠠᠴᠠ ᠳᠠᠭᠠᠭᠠᠴᠢᠯᠠᠨ | ᠡᠷᠭᠢᠯᠡᠭᠰᠡᠨ ᠦᠵᠡᠰᠬᠦᠯᠡᠩ ︽ᠠᠭᠤᠰᠤᠯᠴᠠᠯ ᠴᠤᠭᠯᠠᠷᠠᠯ ︱ ᠨᠡᠶᠢᠲᠡ ᠶᠢᠨ ᠣᠨ ᠲᠣᠭᠠᠯᠠᠯ ᠤᠨ ᠨᠠᠢᠮᠠᠳᠤᠭᠠᠷ ᠵᠠᠭᠤᠨ | ᠠᠴᠠ ᠠᠷᠪᠠ ᠶᠢᠰᠦᠳᠦᠭᠡᠷ ᠵᠠᠭᠤᠨ ᠤ ᠥᠪᠥᠷ ᠮᠣᠩᠭᠤᠯ ᠤᠨ ᠲᠡᠦᠬᠡ ᠰᠣᠶᠣᠯ ᠤᠨ ᠦᠡᠵᠰᠭᠦᠯᠡᠩ︾ ᠨᠢ | ᠭᠤᠣᠯᠳᠠᠯᠭ᠎ᠠ ᠲᠠᠢ ᠲᠠᠨᠢᠯᠴᠠᠭᠤᠯᠬᠤ ᠵᠦᠢᠯᠡᠰ ᠲᠤ ᠠᠮᠵᠢᠯᠲᠠ ᠲᠠᠢ ᠰᠣᠩᠭᠤᠭᠳᠠᠪᠠ᠃ | ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠮᠦᠽᠧᠢ ᠶᠢᠨ ᠬᠢᠨ ᠰᠢᠯᠢᠳᠡᠭ ᠤᠯᠠᠮᠵᠢᠯᠠᠯᠲᠤ | ᠰᠣᠶᠣᠯ ᠢ ᠪᠠᠳᠠᠷᠠᠭᠤᠯᠬᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠬᠤ | ᠳᠤᠮᠳᠠᠬᠢ ᠳᠡᠯᠭᠡᠨ ᠦᠵᠡᠭᠦᠯᠭᠡ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ | ᠪᠣᠯᠪᠠᠰᠤᠨ ᠤ ᠲᠠᠪᠤᠨ ᠮᠢᠩᠭᠠᠨ ᠵᠢᠯ ᠤᠨ ᠲᠡᠦᠬᠡ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠲᠠᠭᠤᠨ ᠢ | ᠰᠠᠶᠢᠲᠤᠷ ᠤᠯᠠᠮᠵᠢᠯᠠᠵᠤ᠂ ᠥᠷᠭᠡᠨ ᠤᠯᠠᠨ ᠲᠦᠮᠡᠨ ᠳᠤ ᠰᠢᠯᠢᠳᠡᠭ ᠦᠵᠡᠰᠬᠦᠯᠡᠩ ᠢ ᠦᠷᠭᠦᠯᠵᠢᠯᠡᠨ ᠭᠠᠷᠭᠠᠵᠤ ᠥᠭᠬᠦ | ᠪᠣᠯᠣᠨ᠎ᠠ᠃ |