︽ᠰᠣᠶᠣᠯ ᠪᠠ ᠵᠢᠭᠤᠯᠴᠢᠯᠠᠯ ᠤᠨ ᠶᠠᠮᠤᠨ ᠤ ᠪᠣᠳᠠᠰ ᠤᠨ ᠪᠤᠰᠤ ᠰᠣᠶᠣᠯ ᠤᠨ ᠥᠪ ᠤᠨ ᠵᠤᠷᠭᠠᠨ ᠤ 2022 | ᠣᠨ ᠤ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠦᠪᠯᠡᠨ | ᠤᠯᠠᠮᠵᠢᠯᠠᠭᠴᠢ ᠶᠢᠨ ᠦᠪᠯᠡᠨ ᠤᠯᠠᠮᠵᠢᠯᠠᠬᠤ ᠠᠵᠢᠯᠯᠠᠭ᠎ᠠ ᠶᠢ ᠦᠨᠡᠯᠡᠨ ᠵᠢᠱᠢᠬᠦ ᠠᠵᠢᠯ ᠢ ᠥᠷᠨᠢᠭᠦᠯᠬᠦ ᠲᠤᠬᠠᠢ | ᠮᠡᠳᠡᠭᠳᠡᠯ︾ ︵ᠪᠣᠳᠠᠰ ᠤᠨ ᠪᠤᠰᠤ ᠰᠣᠶᠣᠯ ᠤᠨ ᠥᠪ ᠤᠨ ᠵᠠᠬᠢᠳᠠᠯ ﹇2023﹈ 13 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠮᠠᠨ ᠤ ᠲᠢᠩᠬᠢᠮ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ︵68 ᠬᠥᠮᠥᠨ︶ ᠶᠢᠨ 2022 ᠣᠨ ᠤ ᠦᠪᠯᠡᠨ ᠤᠯᠠᠮᠵᠢᠯᠠᠬᠤ | ᠠᠵᠢᠯᠯᠠᠭ᠎ᠠ ᠶᠢ ᠦᠨᠡᠯᠡᠨ ᠵᠢᠱᠢᠬᠦ ᠠᠵᠢᠯ ᠢ ᠥᠷᠨᠢᠭᠦᠯᠪᠡ᠃ ᠦᠪᠯᠡᠨ ᠤᠯᠠᠮᠵᠢᠯᠠᠭᠴᠢ ᠶᠢᠨ ᠥᠪᠡᠷ ᠢ ᠪᠠᠨ ᠦᠨᠡᠯᠡᠬᠦ | ᠂ ᠬᠢᠨᠠᠨ ᠰᠢᠯᠭᠠᠵᠤ ᠦᠨᠡᠯᠡᠬᠦ᠂ ᠬᠢᠨᠠᠨ ᠬᠠᠷᠭᠤᠭᠤᠯᠬᠤ᠂ ᠲᠠᠬᠢᠨ ᠬᠢᠨᠠᠬᠤ᠂ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢᠶᠠᠷ ᠰᠣᠳᠣᠯᠣᠯᠲᠠ ᠪᠠᠷ ᠲᠠᠮᠵᠢᠨ 14 ᠰᠢᠯᠢᠳᠡᠭ ᠦᠪᠯᠡᠨ ᠤᠯᠠᠮᠵᠢᠯᠠᠭᠴᠢ᠂ 54 ᠬᠢᠷᠢ | ᠲᠡᠩᠴᠡᠭᠰᠡᠨ ᠦᠪᠯᠡᠨ ᠤᠯᠠᠮᠵᠢᠯᠠᠭᠴᠢ ᠶᠢ ᠲᠤᠭᠤᠷᠪᠢᠨ ᠲᠣᠭᠲᠠᠭᠠᠪᠠ ︵ᠳᠠᠭᠠᠯᠳᠤᠭᠤᠯᠤᠭᠰᠠᠨ ᠬᠦᠰᠦᠨᠦᠭᠲᠦ ᠠᠴᠠ | ᠦᠵᠡ︶᠃ ᠡᠳᠦᠭᠡ ᠦᠨᠡᠯᠡᠨ ᠵᠢᠱᠢᠭᠰᠡᠨ ᠦᠷ᠎ᠡ ᠳ᠋ᠦᠩ ᠢ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠬᠦ ᠪᠠᠷ | ᠰᠠᠨᠠᠭᠤᠯᠤᠶ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠡᠳᠦᠷ ︵2023 ᠣᠨ ᠤ 5 ᠳ᠋ᠤᠭᠠᠷ ᠰᠠᠷ᠎ᠠ ᠶᠢᠨ 25 | ︱ 29 ᠤ ᠡᠳᠦᠷ︶ ᠪᠣᠯᠣᠨ᠎ᠠ᠃ ᠬᠡᠷᠪᠡ ᠣᠨᠳᠣᠣ ᠰᠠᠨᠠᠯ ᠲᠠᠢ ᠪᠣᠯ᠂ ᠵᠠᠷᠯᠠᠨ ᠨᠡᠶᠢᠲᠡᠯᠡᠬᠦ ᠬᠤᠭᠤᠴᠠᠭᠠᠨ ᠳᠣᠲᠣᠷ᠎ᠠ | ᠪᠢᠴᠢᠭ ᠤᠨ ᠬᠡᠯᠪᠡᠷᠢ ᠪᠠᠷ ᠮᠠᠨ ᠤ ᠲᠢᠩᠬᠢᠮ ᠤᠨ ᠪᠣᠳᠠᠰ ᠤᠨ ᠪᠤᠰᠤ ᠰᠣᠶᠣᠯ ᠤᠨ ᠥᠪ ᠤᠨ ᠭᠠᠵᠠᠷ ᠲᠤ ᠬᠠᠷᠢᠭᠤ | ᠮᠡᠳᠡᠭᠳᠡᠭᠡᠷᠡᠢ᠃ | ᠬᠠᠷᠢᠯᠴᠠᠬᠤ ᠤᠲᠠᠰᠤ᠄ 0471- 6966055 0471- 6962100 | ᠢᠮᠧᠯ᠄ nmgwhtfyc@163.com | ᠳᠠᠭᠠᠯᠳᠤᠭᠤᠯᠤᠯ᠄ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠢ ᠦᠪᠯᠡᠨ ᠤᠯᠠᠮᠵᠢᠯᠠᠭᠴᠢ ᠶᠢᠨ 2022 ᠣᠨ ᠤ ᠦᠪᠯᠡᠨ ᠤᠯᠠᠮᠵᠢᠯᠠᠬᠤ ᠠᠵᠢᠯᠯᠠᠭ᠎ᠠ ᠶᠢ ᠦᠨᠡᠯᠡᠨ | ᠵᠢᠱᠢᠭᠰᠡᠨ ᠦᠷ᠎ᠡ ᠳ᠋ᠦᠩ ᠤᠨ ᠰᠠᠨᠠᠭᠤᠯᠭ᠎ᠠ ᠶᠢ ᠵᠠᠷᠯᠠᠨ ᠨᠡᠶᠢᠲᠡᠯᠡᠬᠦ ᠬᠦᠰᠦᠨᠦᠭᠲᠦ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ | 2023 ᠣᠨ ᠤ 5 ᠳ᠋ᠤᠭᠠᠷ ᠰᠠᠷ᠎ᠠ ᠶᠢᠨ 25 ᠤ ᠡᠳᠦᠷ |