6 ᠳ᠋ᠤᠭᠠᠷ ᠰᠠᠷ᠎ᠠ ᠶᠢᠨ 5 ᠤ ᠡᠳᠦᠷ᠂ 2023 ᠣᠨ ᠤ ᠪᠥᠬᠦ ᠣᠷᠣᠨ ᠤ ᠵᠢᠭᠤᠯᠴᠢᠯᠠᠯ ᠤᠨ ᠬᠥᠲᠥᠴᠢ ᠶᠢᠨ | ᠤᠷᠤᠯᠳᠤᠭᠠᠨ ᠬᠥᠬᠡᠬᠤᠲᠠ ᠳᠤ ᠶᠠᠪᠤᠭᠳᠠᠪᠠ᠃ | ᠡᠨᠡ ᠤᠳᠠᠭ᠎ᠠ ᠶᠢᠨ ᠤᠷᠤᠯᠳᠤᠭᠠᠨ ᠢ ᠤᠨᠤᠯ ᠤᠨ ᠰᠢᠯᠭᠠᠯᠲᠠ᠂ ᠦᠵᠡᠭᠳᠡᠯ ᠤᠨ ᠰᠢᠯᠭᠠᠯᠲᠠ᠂ ᠦᠵᠡᠮᠵᠢ ᠶᠢᠨ | ᠣᠷᠣᠨ ᠤ ᠲᠠᠶᠢᠯᠤᠮᠵᠢ᠂ ᠤᠷ᠎ᠠ ᠴᠢᠳᠠᠪᠤᠷᠢ ᠶᠢᠨ ᠮᠥᠷᠥᠶᠢᠴᠡᠭᠡᠨ ᠵᠡᠷᠭᠡ ᠭᠤᠭᠴᠤᠭ᠎ᠠ ᠬᠤᠪᠢᠶᠠᠨ᠎ᠠ᠃ | ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ ᠳᠤ 1 ᠨᠡᠷ᠎ᠡ᠂ ᠬᠤᠶᠠᠳᠤᠭᠠᠷ ᠳᠡᠰ ᠤᠨ ᠱᠠᠩᠨᠠᠯ ᠳᠤ 2 ᠨᠡᠷ᠎ᠡ᠂ | ᠭᠤᠷᠪᠠᠳᠤᠭᠠᠷ ᠳᠡᠰ ᠤᠨ ᠱᠠᠩᠨᠠᠯ ᠳᠤ 3 ᠨᠡᠷ᠎ᠡ᠂ ᠰᠢᠯᠢᠳᠡᠭ ᠱᠠᠩᠨᠠᠯ ᠳᠤ ᠡᠳᠦᠢ ᠲᠡᠳᠦᠢ ᠨᠡᠷ᠎ᠡ ᠭᠠᠷᠬᠤ ᠪᠣᠯᠣᠨ᠎ᠠ᠃ | ᠨᠢᠭᠡᠳᠦᠭᠡᠷ ᠳᠡᠰ ᠤᠨ ᠱᠠᠩᠨᠠᠯ ᠣᠯᠣᠭᠰᠠᠨ 35 ᠨᠠᠰᠤᠨ ᠠᠴᠠ ᠳᠣᠷᠣᠭᠰᠢᠬᠢ ᠤᠷᠤᠯᠴᠠᠭᠴᠢ ᠳᠤ ᠥᠪᠡᠷᠲᠡᠭᠡᠨ | ᠵᠠᠰᠠᠬᠤ ᠣᠷᠣᠨ ᠤ ᠡᠪᠯᠡᠯ ᠤᠨ ᠬᠤᠷᠢᠶ᠎ᠠ ᠠᠴᠠ ︽ᠵᠠᠯᠠᠭᠤ ᠠᠵᠢᠯ ᠤᠨ ᠪᠠᠶᠢᠷᠢ ᠶᠢᠨ ᠴᠢᠳᠠᠪᠤᠷᠢᠲᠠᠨ︾ ᠤ ᠴᠣᠯᠠ | ᠣᠯᠭᠤᠵᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠠᠴᠠ ᠡᠮᠡᠭᠲᠡᠢ ᠤᠷᠤᠯᠴᠠᠭᠴᠢ ᠳᠤ ︽ | ᠪᠦᠬᠦ ᠣᠷᠣᠨ ᠤ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ︾ ᠶᠢᠨ ᠴᠤᠯᠠ ᠣᠯᠭᠤᠨ᠎ᠠ᠃ | ᠰᠢᠢᠳᠪᠦᠷᠢᠲᠦ ᠤᠷᠤᠯᠳᠤᠭᠠᠨ ᠳᠤ ᠣᠷᠣᠯᠴᠠᠭᠰᠠᠨ 42 ᠤᠷᠤᠯᠴᠠᠭᠴᠢ ᠳᠤ ᠥᠪᠡᠷᠲᠡᠭᠡᠨ ᠵᠠᠰᠠᠬᠤ ᠣᠷᠣᠨ ᠤ ᠰᠣᠶᠣᠯ | ᠪᠠ ᠵᠢᠭᠤᠯᠴᠢᠯᠠᠯ ᠤᠨ ᠲᠢᠩᠬᠢᠮ ᠠᠴᠠ ︽2023 ᠣᠨ ᠤ ᠪᠥᠬᠦ ᠣᠷᠣᠨ ᠤ ᠵᠢᠭᠤᠯᠴᠢᠯᠠᠯ ᠤᠨ ᠬᠥᠲᠥᠴᠢ ᠶᠢᠨ | ᠤᠷᠤᠯᠳᠤᠭᠠᠨ ᠤ ᠰᠢᠯᠢᠳᠡᠭ ᠤᠷᠤᠯᠴᠠᠭᠴᠢ︾ ᠶᠢᠨ ᠴᠣᠯᠠ ᠣᠯᠭᠤᠬᠤ ᠪᠠᠷ ᠪᠣᠶ᠃ | ᠲᠣᠰ ᠤᠳᠠᠭᠠᠨ ᠤ ᠤᠷᠤᠯᠳᠤᠭᠠᠨ ᠨᠢ 3 ᠡᠳᠦᠷ ᠶᠠᠪᠤᠭᠳᠠᠨ᠎ᠠ᠃ ᠤᠷᠤᠯᠳᠤᠭᠠᠨ ᠨᠢ ᠪᠥᠬᠦ ᠣᠷᠣᠨ ᠤ | ᠵᠢᠭᠤᠯᠴᠢᠯᠠᠯ ᠤᠨ ᠬᠥᠲᠥᠴᠢ ᠶᠢᠨ ᠠᠵᠢᠯ ᠮᠡᠷᠭᠡᠵᠢᠯ ᠤᠨ ᠴᠤᠭ ᠵᠢᠪᠬᠤᠭ᠎ᠠ ᠶᠢ ᠭᠦᠢᠴᠡᠳ ᠳᠡᠯᠭᠡᠨ ᠦᠵᠡᠭᠦᠯᠵᠦ᠂ | ᠵᠢᠭᠤᠯᠴᠢᠯᠠᠯ ᠤᠨ ᠬᠥᠲᠥᠴᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠢ | ᠵᠣᠷᠢᠭᠵᠢᠭᠤᠯᠬᠤ ᠶᠢᠨ ᠤᠯᠠᠮ ᠠᠴᠠ ᠪᠥᠬᠦ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠦᠯᠦᠭᠡ ᠶᠤᠮ᠃ ᠤᠷᠤᠯᠳᠤᠭᠠᠨ ᠨᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠬᠤᠷᠢᠶ᠎ᠠ᠂ ᠥᠪᠥᠷ ᠮᠣᠩᠭᠤᠯ ᠤᠨ | ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠲᠦᠷᠪᠡᠨ ᠰᠠᠯᠠᠭ᠎ᠠ ᠮᠥᠴᠢᠷ ᠬᠠᠮᠲᠤ ᠪᠠᠷ ᠵᠣᠬᠢᠶᠠᠨ ᠪᠠᠶᠢᠭᠤᠯᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ | ᠵᠣᠷᠢᠭ ᠰᠠᠨᠠᠭ᠎ᠠ᠂ ᠤᠷᠠᠨ ᠴᠢᠳᠠᠪᠤᠷᠢᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠲᠤᠬᠠᠢ ᠴᠢᠬᠤᠯᠠ | ᠵᠢᠭᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ | ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠳᠡᠭᠡᠭᠰᠢᠯᠡᠭᠦᠯᠬᠦ ᠪᠣᠳᠠᠲᠠᠢ ᠠᠷᠭ᠎ᠠ ᠬᠡᠮᠵᠢᠶ᠎ᠡ ᠶᠤᠮ᠂ | ᠪᠠᠰᠠ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠭᠡ ᠪᠠᠷ ᠦᠢᠯᠡᠳᠦᠯᠭᠡᠵᠢᠭᠦᠯᠵᠦ᠂ | ᠪᠣᠯᠪᠠᠰᠤᠨ ᠵᠢᠭᠤᠯᠴᠢᠯᠠᠯ ᠤᠨ ᠦᠷ᠎ᠡ ᠶᠢ ᠰᠠᠴᠤᠬᠤ ᠶᠢᠨ ᠪᠣᠳᠠᠲᠠᠢ ᠢᠯᠡᠷᠡᠯ ᠪᠣᠯᠣᠨ᠎ᠠ᠂ ᠮᠦᠨ ᠴᠤ ᠪᠦᠬᠦ ᠣᠷᠣᠨ ᠤ | ᠵᠢᠭᠤᠯᠴᠢᠯᠠᠯ ᠤᠨ ᠬᠥᠲᠥᠴᠢ ᠶᠢᠨ ᠠᠵᠢᠯ ᠡᠷᠬᠢᠯᠡᠭᠰᠡᠳ ᠤᠨ ᠬᠥᠮᠥᠨ ᠨᠡᠶᠢᠭᠡᠮ ᠤᠨ ᠬᠡᠪ ᠴᠢᠨᠠᠷ ᠲᠤᠬᠠᠶᠢᠯᠠᠭᠰᠠᠨ | ᠠᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠢᠭᠡ ᠤᠳᠠᠭ᠎ᠠ ᠶᠢᠨ ᠶᠡᠭᠡ ᠰᠢᠯᠭᠠᠯᠲᠠ ᠪᠣᠯᠣᠨ᠎ᠠ᠃ | | | | | | | | | | | | | | | | | | | | | | ᠁ |