ᠰᠣᠶᠣᠯ ᠪᠠ ᠵᠢᠭᠤᠯᠴᠢᠯᠠᠯ ᠤᠨ ᠶᠠᠮᠤᠨ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠠᠬᠠᠮᠠᠳ ᠲᠤᠰᠬᠠᠢ ᠮᠡᠷᠭᠡᠵᠢᠯᠲᠡᠨ ᠠᠬᠠᠮᠠᠳ ᠤᠷᠠᠯᠢᠭᠴᠢᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/4
     5 ᠳ᠋ᠤᠭᠠᠷ ᠰᠠᠷ᠎ᠠ ᠶᠢᠨ 26 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠶᠡᠷᠦᠩᠬᠡᠢ ᠱᠦᠵᠢ ᠰᠢ ᠶᠢᠨ ᠫᠢᠩ  ᠤᠨ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠠᠬᠠᠮᠠᠳ ᠲᠤᠰᠬᠠᠢ ᠮᠡᠷᠭᠡᠵᠢᠯᠲᠡᠨ ᠠᠬᠠᠮᠠᠳ ᠤᠷᠠᠯᠢᠭᠴᠢᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠰᠠᠭᠤᠳᠠᠯ  ᠤᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠤᠳᠬ᠎ᠠ ᠤᠷᠠᠯᠢᠭ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢᠨ᠎ᠡ ᠴᠠᠭ ᠦᠶ᠎ᠡ ᠶᠢᠨ ᠤᠷᠠᠨ ᠵᠢᠷᠤᠭ ᠤᠨ ᠣᠷᠳᠣᠨ ᠤ ᠪᠠᠶᠢᠭᠤᠯᠤᠯᠲᠠ ᠪᠣᠯᠣᠨ ᠤᠷᠠᠨ ᠵᠢᠷᠤᠭ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠪ ᠤᠨ ᠤᠬᠠᠭᠤᠯᠬᠤ ᠶᠠᠮᠤᠨ  ᠤ ᠡᠳᠦᠷ ᠲᠤᠲᠤᠮ ᠤᠨ ᠠᠵᠢᠯ ᠢ ᠬᠠᠮᠢᠶᠠᠷᠴᠤ ᠪᠠᠶᠢᠭ᠎ᠠ ᠳᠡᠳ᠋ ᠰᠠᠶᠢᠳ᠂ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠬᠤ᠋ ᠾᠧ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠠᠭᠠᠨ ᠤ ᠣᠷᠳᠣᠨ ᠤ ᠮᠦᠽᠧᠢ ᠶᠢᠨ ᠬᠦᠷᠢᠶᠡᠯᠡᠩ ᠤᠨ ᠳᠠᠷᠤᠭ᠎ᠠ ᠸᠠᠩ ᠰᠢᠦᠢ ᠳ᠋ᠦᠩ ᠣᠷᠣᠯᠴᠠᠵᠤ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠰᠠᠶᠢᠳ ᠯᠦ ᠶᠢᠩ ᠴᠤᠸᠠᠨ ᠬᠤᠷᠠᠯ ᠢ ᠡᠷᠬᠢᠯᠡᠪᠡ᠃      ᠰᠠᠭᠤᠳᠠᠯ  ᠤᠨ ᠬᠤᠷᠠᠯ ᠳᠡᠭᠡᠷ᠎ᠡ᠂  ᠬᠤ᠋ ᠡᠾᠧ ᠫᠢᠩ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠠᠬᠠᠮᠠᠳ ᠲᠤᠰᠬᠠᠢ ᠮᠡᠷᠭᠡᠵᠢᠯᠲᠡᠨ ᠠᠬᠠᠮᠠᠳ ᠤᠷᠠᠯᠢᠭᠴᠢᠳ ᠲᠤ ᠢᠯᠡᠭᠡᠭᠰᠡᠨ ᠬᠠᠷᠢᠭᠤ ᠵᠠᠬᠢᠳᠠᠯ ᠢ  ᠤᠩᠰᠢᠪᠠ᠃ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠳᠠᠷᠤᠭ᠎ᠠ ᠦ᠋ ᠸᠧᠢ ᠱᠠᠨ ᠨᠣᠮ ᠤᠨ ᠰᠠᠩ ᠤᠨ ᠬᠠᠷᠢᠭᠤ ᠵᠠᠬᠢᠳᠠᠯ ᠢ ᠳᠠᠮᠵᠢᠭᠤᠯᠵᠤ ᠰᠤᠷᠤᠯᠴᠠᠵᠤ ᠪᠠᠶᠢᠭ᠎ᠠ ᠪᠠᠶᠢᠳᠠᠯ ᠢ ᠲᠠᠨᠢᠯᠴᠠᠭᠤᠯᠵᠠᠢ᠃ ᠲᠤᠰᠬᠠᠢ ᠮᠡᠷᠭᠡᠵᠢᠯᠲᠡᠨ ᠪᠠ ᠤᠷᠠᠯᠢᠭᠴᠢᠳ ᠤᠨ ᠲᠥᠯᠥᠭᠡᠯᠡᠭᠴᠢ ᠹᠠᠨ ᠳ᠋ᠢ ᠠᠨ᠂ ᠯᠢᠦ ᠸᠠᠨ ᠮᠢᠩ᠂ ᠮᠧᠩ ᠴᠢᠩ ᠶᠠᠩ᠂ ᠰᠣᠶᠣᠯ ᠪᠠ ᠵᠢᠭᠤᠯᠴᠢᠯᠠᠯ ᠤᠨ ᠶᠠᠮᠤᠨ ᠤ ᠤᠷᠠᠯᠢᠭ ᠤᠨ ᠵᠤᠷᠭᠠᠨ ᠤ ᠳᠠᠷᠤᠭ᠎ᠠ ᠮᠢᠩ ᠸᠧᠨ ᠵᠢᠶᠦ᠋ᠨ᠂ ᠤᠯᠤᠰ ᠤᠨ ᠨᠣᠮ ᠤᠨ ᠰᠠᠩ ᠤᠨ ᠳᠠᠷᠤᠭ᠎ᠠ ᠰᠢᠶᠦ᠋ᠩ ᠶᠤᠸᠠᠨ ᠮᠢᠩ᠂ ᠳᠤᠮᠳᠠᠳᠤ ᠤᠯᠤᠰ ᠤᠨ ᠤᠯᠤᠰ ᠤᠨ ᠵᠢᠷᠤᠭ ᠤᠨ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ ᠶᠠᠨ ᠳ᠋ᠦᠩ ᠱᠧᠩ ᠲᠣᠰ ᠲᠣᠰ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠤᠭᠰᠠᠨ ᠣᠯᠣᠯᠲᠠ ᠪᠠ ᠪᠣᠳᠠᠲᠠᠢ ᠠᠷᠭ᠎ᠠ ᠬᠡᠮᠵᠢᠶ᠎ᠡ ᠪᠠᠨ ᠰᠣᠯᠢᠯᠴᠠᠪᠠ᠃ ᠣᠯᠠᠨ ᠢᠶᠠᠷ ᠢᠶᠠᠨ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠬᠠᠷᠢᠭᠤ ᠵᠠᠬᠢᠳᠠᠯ ᠨᠢ ᠬᠥᠮᠥᠰ ᠤᠨ ᠰᠡᠳᠬᠢᠯ ᠢ ᠵᠣᠷᠢᠭᠵᠢᠭᠤᠯᠵᠤ᠂ ᠬᠥᠮᠥᠰ ᠢ ᠤᠷᠮᠠᠰᠢᠭᠤᠯᠤᠨ ᠤᠷᠤᠭᠰᠢᠯᠠᠭᠤᠯᠤᠨ᠎ᠠ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠶᠡᠷᠦᠩᠬᠡᠢ ᠱᠦᠵᠢ ᠶᠢᠨ ᠬᠠᠷᠢᠭᠤ ᠵᠠᠬᠢᠳᠠᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂  ᠵᠣᠷᠢᠭᠲᠠᠢ ᠪᠠᠷ ᠬᠠᠷᠢᠭᠤᠴᠠᠯᠭ᠎ᠠ ᠪᠠᠨ ᠡᠭᠦᠷᠭᠡᠯᠡᠨ᠂ ᠠᠵᠢᠯ ᠦᠢᠯᠡᠰ ᠪᠦᠲᠦᠭᠡᠵᠦ᠂ ᠡᠷᠡᠯᠬᠡᠭᠯᠡᠨ ᠲᠡᠮᠡᠴᠡᠵᠦ᠂ ᠥᠨᠳᠥᠷ ᠤᠷᠬᠢᠯ ᠳᠤ ᠡᠷᠡᠮᠡᠬᠡᠶᠢᠯᠡᠨ ᠠᠪᠠᠷᠢᠵᠤ᠂ ᠤᠷᠠᠨ ᠵᠢᠷᠤᠭ ᠤᠨ ᠠᠵᠢᠯ᠂ ᠰᠣᠶᠣᠯ ᠤᠳᠬ᠎ᠠ ᠤᠷᠠᠯᠢᠭ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠴᠦ᠂ ᠰᠣᠶᠣᠯ ᠤᠨ ᠢᠲᠡᠭᠡᠯ ᠬᠦᠴᠦᠨ ᠢᠶᠠᠨ ᠨᠡᠮᠡᠭᠳᠡᠬᠦᠯᠬᠦ ᠶᠢ ᠲᠦᠯᠬᠢᠨ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠳᠤ ᠨᠡᠩ ᠶᠡᠭᠡ ᠰᠢᠨ᠎ᠡ ᠬᠤᠪᠢ ᠨᠡᠮᠡᠷᠢ  ᠦᠵᠡᠬᠦᠯᠦᠨ᠎ᠡ ᠭᠡᠵᠦ ᠢᠯᠡᠷᠭᠡᠶᠢᠯᠡᠪᠡ᠃      ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠭᠰᠡᠨ ᠠᠬᠠᠮᠠᠳ ᠲᠤᠰᠬᠠᠢ ᠮᠡᠷᠭᠡᠵᠢᠯᠲᠡᠨ ᠠᠬᠠᠮᠠᠳ ᠤᠷᠠᠯᠢᠭᠴᠢᠨ ᠤ ᠲᠥᠯᠥᠭᠡᠯᠡᠭᠴᠢ᠂ ᠰᠣᠶᠣᠯ ᠪᠠ ᠵᠢᠭᠤᠯᠴᠢᠯᠠᠯ ᠤᠨ ᠶᠠᠮᠤᠨ ᠤ ᠡᠯ᠎ᠡ ᠵᠤᠷᠭᠠᠨ ᠲᠣᠪᠴᠢᠶ᠎ᠠ᠂ ᠡᠯ᠎ᠡ ᠰᠢᠭᠤᠳ ᠬᠠᠷᠢᠶ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ᠂ ᠲᠤᠰᠬᠠᠢ ᠮᠡᠷᠭᠡᠵᠢᠯᠲᠡᠨ᠂ ᠤᠷᠠᠯᠢᠭᠴᠢᠨ ᠤ ᠲᠥᠯᠥᠭᠡᠯᠡᠭᠴᠢ 100 ᠭᠠᠷᠤᠢ ᠬᠥᠮᠥᠨ ᠰᠠᠭᠤᠳᠠᠯ  ᠤᠨ ᠬᠤᠷᠠᠯ ᠳᠤ ᠣᠷᠣᠯᠴᠠᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号