ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠰᠣᠶᠣᠯ ᠤᠨ | ᠤᠬᠠᠭᠤᠯᠭ᠎ᠠ ᠶᠢᠨ ᠴᠢᠬᠤᠯᠠ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠰᠢ ᠶᠢᠨ ᠫᠢᠩ ᠶᠡᠷᠦᠩᠬᠡᠢ ᠱᠦᠵᠢ ᠶᠢᠨ | ᠰᠣᠶᠣᠯ ᠤᠨ ᠤᠯᠠᠮᠵᠢᠯᠠᠯ ᠬᠦᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ | ᠶᠢ ᠰᠤᠷᠤᠯᠴᠠᠨ ᠲᠤᠭᠤᠰᠢᠯᠠᠭᠤᠯᠬᠤ ᠶᠢ ᠥᠷᠨᠢᠭᠦᠯᠵᠦ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠬᠤ | ᠶᠢ ᠪᠠᠷᠢᠮᠲᠠᠯᠠᠵᠤ᠂ ᠤᠨᠤᠯ ᠢᠶᠠᠷ ᠵᠡᠪᠰᠡᠭᠯᠡᠬᠦ ᠪᠠᠷ ᠳᠠᠮᠵᠢᠭᠤᠯᠤᠨ ᠠᠵᠢᠯ ᠤᠨ ᠦᠢᠯᠡᠳᠦᠯᠭᠡ ᠶᠢ ᠵᠢᠯᠤᠭᠤᠳᠴᠤ᠂ | ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠᠷ ᠳᠠᠮᠵᠢᠭᠤᠯᠤᠨ ᠲᠡᠮᠡᠴᠡᠯ ᠤᠨ ᠵᠣᠷᠢᠭ ᠰᠠᠨᠠᠭ᠎ᠠ ᠶᠢ ᠳᠠᠪᠲᠠᠨ | ᠪᠣᠯᠪᠠᠰᠤᠷᠠᠭᠤᠯᠬᠤ ᠪᠠᠷ ᠳᠠᠮᠵᠢᠭᠤᠯᠤᠨ᠂ ᠰᠣᠶᠣᠯ ᠤᠨ ᠰᠢᠨ᠎ᠡ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ | ᠠᠵᠢᠯ ᠤᠨ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠴᠦ᠂ ᠤᠮᠠᠷᠠᠲᠤ ᠬᠢᠯᠢ ᠶᠢᠨ ᠰᠣᠶᠣᠯ ᠤᠨ | ᠦᠢᠯᠡᠰ ᠤᠨ ᠴᠡᠴᠡᠭᠯᠡᠨ ᠬᠥᠭᠵᠢᠬᠦ ᠶᠢ ᠬᠦᠴᠦᠲᠡᠢ ᠲᠦᠯᠬᠢᠨ ᠠᠬᠢᠭᠤᠯᠤᠨ᠎ᠠ᠃ | ᠨᠢᠭᠡ ᠳᠤ᠂ ᠰᠣᠶᠣᠯ ᠢᠶᠠᠷ ᠰᠦᠭ ᠰᠦᠨᠡᠰᠦ ᠶᠢ ᠱᠤᠭᠤᠬᠤ ᠴᠢᠬᠤᠯᠠ ᠦᠢᠯᠡᠳᠦᠯ ᠢ ᠪᠠᠳᠠᠷᠠᠭᠤᠯᠵᠤ᠂ | ᠦᠨᠳᠦᠰᠦᠲᠡᠨ ᠤ ᠪᠦᠯᠬᠦᠮᠳᠡᠯ ᠤᠨ ᠤᠶᠤᠨ ᠰᠠᠨᠠᠭᠠᠨ ᠤ ᠰᠠᠭᠤᠷᠢ ᠶᠢ ᠪᠠᠲᠤᠳᠬᠠᠨ᠎ᠠ᠃ | ᠬᠤᠶᠠᠷ ᠲᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠤᠢ | ᠪᠣᠯᠭᠠᠵᠤ᠂ ᠠᠷᠠᠳ ᠲᠦᠮᠡᠨ ᠤ ᠤᠶᠤᠨ ᠰᠠᠨᠠᠭᠠᠨ ᠤ ᠬᠦᠴᠦᠨ ᠢ ᠬᠦᠴᠦᠯᠡᠨ ᠴᠢᠩᠭᠠᠳᠬᠠᠨ᠎ᠠ᠃ | ᠭᠤᠷᠪᠠ ᠳᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠰᠢᠨ᠎ᠡ ᠶᠢ ᠡᠭᠦᠳᠬᠦ ᠬᠥᠭᠵᠢᠯᠲᠡ ᠶᠢ | ᠲᠤᠪᠤᠶᠢᠯᠭᠠᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠪᠢᠴᠢᠭᠯᠡᠬᠦ ᠳᠤ ᠬᠦᠴᠦ ᠨᠡᠮᠡᠷᠢᠯᠡᠨ᠎ᠡ᠃ |