ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2023 ᠣᠨ ᠤ 21 ᠳ᠋ᠦ᠋ᠭᠡᠷ ᠤᠲᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠤ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/7/20
     2023 ᠣᠨ ᠤ 7 ᠳ᠋ᠤᠭᠠᠷ ᠰᠠᠷ᠎ᠠ ᠶᠢᠨ 20 ᠤ ᠡᠳᠦᠷ ︵ᠭᠠᠷᠠᠭ ᠤᠨ ᠳᠥᠷᠪᠡᠨ︶ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢᠨ ᠶᠠᠨ 2023 ᠣᠨ ᠤ 21  ᠳ᠋ᠦ᠋ᠭᠡᠷ ᠤᠲᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠤ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂  ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠢᠮᠠᠭᠲᠠ ᠲᠡᠦᠬᠡ ᠶᠢ ᠪᠢᠰᠢᠷᠡᠨ ᠬᠦᠨᠲᠦᠳᠭᠡᠬᠦ  ᠂ ᠰᠣᠶᠣᠯ ᠢ ᠪᠢᠰᠢᠷᠡᠨ ᠬᠦᠨᠲᠦᠳᠬᠡᠬᠦ᠂ ᠠᠮᠢ ᠠᠬᠤᠢ ᠶᠢ ᠪᠢᠰᠢᠷᠡᠨ ᠬᠦᠨᠲᠦᠳᠬᠡᠭᠦ᠂ ᠲᠡᠦᠬᠡ ᠰᠣᠶᠣᠯ ᠤᠨ ᠥᠪ ᠢ ᠪᠦᠬᠦ ᠲᠠᠯ᠎ᠠ ᠪᠠᠷ ᠰᠠᠶᠢᠲᠤᠷ ᠬᠠᠮᠠᠭᠠᠯᠠᠵᠤ᠂ ᠵᠢᠭᠤᠯᠴᠢᠯᠠᠯ ᠤᠨ ᠬᠥᠭᠵᠢᠯᠲᠡ᠂ ᠣᠨᠴᠠᠯᠢᠭᠲᠤ ᠡᠵᠡᠩᠨᠡᠯᠲᠡ᠂ ᠡᠷᠲᠡᠨ ᠤ ᠬᠤᠳᠠ ᠶᠢᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠪᠠᠶᠢᠭᠤᠯᠵᠤ᠂ ᠤᠷᠢᠳᠤᠬᠢ ᠬᠥᠮᠥᠰ ᠤᠨ ᠪᠢᠳᠡᠨ ᠳᠤ ᠦᠯᠡᠳᠡᠭᠡᠵᠦ ᠥᠭᠭᠦᠭᠰᠡᠨ ᠡᠷᠬᠢᠮ ᠨᠠᠨᠳᠢᠨ ᠡᠳ᠋ ᠬᠥᠷᠥᠩᠭᠡ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠱᠠᠭᠠᠷᠳᠠᠯᠭ᠎ᠠ ᠪᠠᠷ ᠵᠢᠯᠣᠭᠤᠳᠤᠯᠭ᠎ᠠ ᠪᠣᠯᠭᠠᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ︽ᠦᠢᠯᠡᠳᠦᠯᠭᠡ ᠶᠢ ᠴᠢᠬᠤᠯᠠᠴᠢᠯᠠᠬᠤ︾ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠬᠥᠮᠥᠵᠢᠭᠦᠯᠦᠨ ᠬᠥᠲᠥᠯᠥᠨ ᠵᠢᠯᠤᠭᠤᠳᠴᠤ᠂ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠲᠦᠷᠭᠡᠨ ᠠᠬᠢᠭᠤᠯᠵᠤ᠂ ᠪᠣᠳᠠᠲᠠᠢ ᠪᠠᠷ ᠠᠳᠬᠤᠵᠤ᠂  ᠠᠵᠢᠯ ᠦᠢᠯᠡᠰ ᠢᠶᠠᠨ ᠠᠮᠵᠢᠯᠲᠠ ᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠱᠠᠭᠠᠷᠳᠠᠭᠰᠠᠨ ᠨᠢ᠂  ᠶᠡᠷᠦᠩᠬᠡᠢ ᠱᠦᠵᠢ ᠰᠢ ᠶᠢᠨ ᠫᠢᠩ  ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠣᠷᠣᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠦᠶᠡᠷ ᠤᠰᠤᠲᠤᠯ ᠤᠨ ᠭᠠᠮᠰᠢᠭ ᠠᠮᠠᠷᠬᠠᠨ ᠡᠭᠦᠰᠳᠡᠭ ᠵᠢᠭᠤᠯᠴᠢᠯᠠᠯ ᠤᠨ ᠦᠵᠡᠮᠵᠢ ᠶᠢᠨ ᠣᠷᠣᠨ ᠢ ᠭᠤᠣᠯᠳᠠᠯᠭ᠎ᠠ ᠲᠠᠢ ᠠᠩᠬᠠᠷᠴᠤ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠡᠭᠦᠷᠭᠡ ᠶᠢ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ‍ᠤᠨ‌‍ᠰᠣᠶᠣᠯ  ᠢ ᠤᠯᠠᠮᠵᠢᠯᠠᠨ ᠬᠥᠭᠵᠢᠭᠦᠯᠬᠦ  ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ  ᠤ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠨᠠᠶᠢᠲᠠᠪᠤᠷᠢᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ  ᠤᠨ ᠰᠣᠶᠣᠯ  ᠤᠨ ᠪᠠᠶᠢᠭᠤᠯᠤᠯᠲᠠ  ᠶᠢᠨ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠪᠠᠷ ᠶᠡᠷᠦᠩᠬᠡᠢ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠣᠶᠣᠯ  ᠢ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ ᠰᠣᠶᠣᠯ  ᠤᠨ ᠤᠬᠠᠮᠰᠠᠷ  ᠢ ᠴᠢᠩᠭᠠᠳᠬᠠᠵᠤ᠂ ᠰᠣᠶᠣᠯ  ᠤᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠰᠣᠶᠣᠯ  ᠤᠨ ᠬᠦᠴᠦᠷᠬᠡᠭ ᠣᠷᠣᠨ  ᠢ ᠲᠦᠷᠭᠡᠨ ᠪᠠᠶᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ ᠰᠣᠶᠣᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠥᠪᠥᠷ ᠮᠣᠩᠭᠤᠯ ᠤᠨ ᠭᠦᠨ ᠵᠤᠵᠠᠭᠠᠨ ᠲᠡᠦᠬᠡ ᠰᠣᠶᠣᠯ ᠪᠣᠯᠣᠨ ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠲᠤ ᠲᠦᠰᠢᠭᠯᠡᠨ᠂︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠬᠦᠴᠦᠯᠡᠨ ᠡᠭᠦᠳᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠣᠶᠣᠯ ᠤᠨ ᠠᠮᠤᠷ ᠲᠦᠪᠰᠢᠨ ᠪᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ  ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠰᠠᠶᠢᠲᠤᠷ ᠥᠷᠨᠢᠭᠦᠯᠬᠦ ᠳᠤ᠂ ᠨᠢᠭᠡ ᠳᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠂ ᠬᠤᠶᠠᠷ ᠲᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠣᠯᠣᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ᠂ ᠭᠤᠷᠪᠠ ᠳᠤ᠂ ᠭᠤᠣᠯ ᠰᠡᠳᠦᠪᠲᠦ ᠬᠥᠮᠦᠵᠢᠯ ᠤᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠂ ᠳᠥᠷᠪᠡ ᠳᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠣᠯᠣᠨ ᠨᠡᠶᠢᠲᠡᠯᠢᠭ ᠲᠤᠷᠰᠢᠯᠭ᠎ᠠ ᠶᠢ ᠲᠤᠶᠢᠯᠪᠤᠷᠢᠲᠠᠢ ᠳ᠋ᠦᠩᠨᠡᠬᠦ ᠪᠠ ᠳᠡᠯᠭᠡᠷᠡᠭᠦᠯᠦᠨ ᠬᠡᠷᠡᠭᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠲᠤᠯᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号