ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ ᠶᠣᠣ ᠶᠦᠩ ᠪᠥᠸᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/8/10
   8 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠨᠠᠷ ᠤᠨ ᠬᠤᠷᠠᠯ ᠣᠷᠳᠣᠰ ᠬᠤᠲᠠ ᠳᠤ ᠬᠤᠷᠠᠯᠳᠤᠪᠠ᠃    ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ︾ ᠤ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠬᠢᠯᠡᠭᠴᠢ᠂ ᠭᠦᠢᠴᠡᠳᠬᠡᠬᠦ ᠺᠣᠮᠢᠰ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ︽ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ︾ ᠤ ᠪᠡᠯᠡᠳᠬᠡᠯ ᠪᠠ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ ᠡᠬᠢᠯᠡᠯᠲᠡ ᠶᠢᠨ ᠶᠣᠰᠣᠯᠠᠯ ᠤᠨ ᠠᠵᠢᠯᠯᠠᠭ᠎ᠠ᠂ ᠤᠷᠤᠯᠳᠤᠭᠠᠨ ᠤ ᠶᠠᠪᠤᠳᠠᠯ ᠤᠨ ᠵᠣᠬᠢᠶᠠᠨ ᠪᠠᠶᠢᠭᠤᠯᠤᠯᠲᠠ ᠵᠢᠴᠢ ᠠᠮᠤᠷ ᠲᠦᠪᠰᠢᠨ ᠤ ᠪᠠᠲᠤᠯᠠᠭ᠎ᠠ᠂ ᠵᠠᠭᠤᠴᠢᠯᠠᠭᠤᠷ ᠤᠨ ᠤᠬᠠᠭᠤᠯᠭ᠎ᠠ᠂ ᠬᠦᠯᠢᠶᠡᠨ ᠠᠪᠬᠤ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠠᠬᠢᠨ ᠲᠣᠬᠢᠷᠠᠭᠤᠯᠵᠤ ᠲᠠᠬᠢᠨ ᠪᠠᠶᠢᠷᠢᠯᠠᠭᠤᠯᠪᠠ᠃    ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ 8 ᠳ᠋ᠤᠭᠠᠷ ᠰᠠᠷ᠎ᠠ ᠶᠢᠨ 8 ᠤ ᠣᠷᠣᠢ ᠶᠠᠪᠤᠭᠳᠠᠵᠤ᠂ ᠲᠣᠰ ᠬᠤᠭᠤᠴᠠᠭᠠᠨ ᠤ ᠤᠷᠤᠯᠳᠤᠭᠠᠨ ᠳᠤ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠣᠨᠴᠠᠯᠢᠭ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ᠂ ᠠᠶᠢᠮᠠᠭ ᠬᠤᠲᠠ ᠶᠢᠨ ᠳᠤᠭᠤᠶᠢᠯᠠᠩ᠂ ᠣᠯᠠᠨ ᠲᠦᠮᠡᠨ ᠤ ᠳᠤᠭᠤᠶᠢᠯᠠᠩ ᠭᠡᠰᠡᠨ 2 ᠳᠤᠭᠤᠶᠢᠯᠠᠩ ᠲᠣᠬᠢᠷᠠᠭᠤᠯᠵᠤ᠂ ᠨᠡᠶᠢᠲᠡ 44 ᠶᠡᠭᠡ ᠲᠥᠷᠥᠯ᠂ 1232 ᠪᠠᠭ᠎ᠠ ᠲᠥᠷᠥᠯ ᠲᠣᠬᠢᠷᠠᠭᠤᠯᠪᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号