ᠲᠦᠩᠯᠢᠶᠣᠣ ᠬᠤᠳᠠ ᠵᠤᠨ ᠤ ᠠᠮᠠᠷᠠᠯᠲᠠ ᠶᠢᠨ ᠦᠶᠡᠷ ᠤᠨ ᠬᠤᠭᠤᠴᠠᠭᠠᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠬᠦᠯᠪᠡ
ᠨᠡᠶᠢᠲᠡᠯᠡᠭᠰᠡᠨ ᠴᠠᠭ᠄
2023/8/13
      ᠲᠦᠩᠯᠢᠶᠣᠣ ᠬᠤᠳᠠ ᠶᠢᠨ ᠵᠤᠨ ᠤ ᠠᠮᠠᠷᠠᠯᠲᠠ ᠶᠢᠨ ᠦᠶᠡᠷ ᠤᠨ ᠬᠤᠭᠤᠴᠠᠭᠠᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠦᠨᠡᠨ ᠬᠦ ᠴᠢᠩᠭᠠᠳᠬᠠᠵᠤ᠂ ᠬᠤᠳᠠ ᠶᠢᠨ ᠠᠷᠠᠳ ᠪᠠ ᠵᠢᠭᠤᠯᠴᠢᠯᠠᠭᠴᠢᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠂ 8 ᠳ᠋ᠤᠭᠠᠷ ᠰᠠᠷ᠎ᠠ ᠶᠢᠨ 1  ᠤ ᠡᠳᠦᠷ ᠠᠴᠠ 8 ᠳ᠋ᠤᠭᠠᠷ ᠰᠠᠷ᠎ᠠ ᠶᠢᠨ 7  ᠤ ᠡᠳᠦᠷ ᠪᠣᠯᠲᠠᠯ᠎ᠠ ᠲᠦᠩᠯᠢᠶᠣᠣ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠵᠢᠯᠯᠠᠬᠤ ᠳᠤᠭᠤᠶᠢᠯᠠᠩ ᠪᠠᠶᠢᠭᠤᠯᠵᠤ ᠪᠦᠬᠦ ᠬᠤᠳᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠤᠨ ᠤ ᠠᠮᠠᠷᠠᠯᠲᠠ ᠶᠢᠨ ᠦᠶᠡᠷ ᠤᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃      ᠲᠣᠰ ᠤᠳᠠᠭᠠᠨ ᠤ ᠪᠠᠶᠢᠴᠠᠭᠠᠯᠲᠠ ᠳᠤ ᠣᠨᠴᠠ ᠵᠠᠷᠢᠮ ᠤᠷᠠᠯᠢᠭ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠭᠤᠷ ᠤᠨ ᠳᠠᠷᠤᠯᠲᠠ ᠬᠦᠷᠦᠯᠴᠡᠬᠦ ᠦᠭᠡᠢ᠂ ᠠᠮᠤᠷ ᠲᠦᠪᠰᠢᠨ ᠤ ᠭᠠᠷᠴᠠ ᠨᠢ ᠬᠤᠪᠢᠷᠠᠭᠰᠠᠨ ᠴᠤ ᠵᠢᠭᠠᠯᠲᠠ ᠶᠢᠨ ᠫᠠᠶᠢᠰᠠ ᠪᠠᠨ ᠴᠠᠭ ᠲᠤᠬᠠᠢ  ᠳᠤ ᠨᠢ ᠰᠣᠯᠢᠭᠰᠠᠨ ᠦᠭᠡᠢ᠂ ᠣᠨᠴᠠ ᠵᠠᠷᠢᠮ ᠺᠢᠨᠣ᠋ ᠶᠢᠨ ᠣᠷᠳᠣᠨ ᠤ ᠠᠮᠤᠷ ᠲᠦᠪᠰᠢᠨ ᠢᠶᠠᠷ ᠲᠠᠷᠬᠠᠭᠠᠬᠤ ᠵᠠᠮ ᠳᠡᠭᠡᠷ᠎ᠡ ᠡᠯᠳᠡᠪ ᠶᠠᠭᠤᠮ᠎ᠠ ᠣᠪᠣᠭᠠᠯᠠᠭᠰᠠᠨ᠂ ᠣᠨᠴᠠ ᠵᠠᠷᠢᠮ ᠦᠵᠡᠮᠵᠢ ᠶᠢᠨ ᠣᠷᠣᠨ ᠤ ᠲᠣᠭᠤᠭᠠᠨ ᠭᠡᠷ ᠤᠨ ᠠᠷᠢᠭᠤᠨ ᠴᠡᠪᠡᠷ ᠨᠢ ᠬᠢᠷᠢ ᠲᠡᠩᠴᠡᠭᠰᠡᠨ ᠦᠭᠡᠢ᠂ ᠲᠣᠭᠤᠭᠠᠨ ᠭᠡᠷ ᠤᠨ ᠠᠵᠢᠯᠲᠠᠳ ᠠᠵᠢᠯ ᠤᠨ ᠬᠤᠪᠴᠠᠰᠤ ᠮᠠᠯᠠᠭᠠᠢ ᠡᠮᠦᠰᠦᠭᠰᠡᠨ ᠦᠭᠡᠢ ᠵᠡᠷᠭᠡ ᠠᠰᠠᠭᠤᠳᠠᠯ ᠢ ᠢᠯᠡᠷᠡᠭᠦᠯᠵᠡᠢ᠃ ᠲᠠᠷᠠᠭᠠᠴᠢ ᠶᠢᠨ ᠠᠯᠬᠤᠮ ᠳᠤ᠂ ᠲᠦᠩᠯᠢᠶᠣᠣ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠣᠰ ᠤᠳᠠᠭᠠᠨ ᠤ ᠪᠠᠶᠢᠴᠠᠭᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠮᠥᠷᠳᠡᠨ  ᠪᠠᠶᠢᠴᠠᠭᠠᠵᠤ᠂ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠲᠦᠩᠯᠢᠶᠣᠣ ᠬᠤᠲᠠ ᠶᠢᠨ ᠵᠣᠨ ᠤ ᠠᠮᠠᠷᠠᠯᠲᠠ ᠶᠢᠨ ᠦᠶᠡᠷ ᠤᠨ ᠬᠤᠭᠤᠴᠠᠭᠠᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠥᠷᠭᠡᠨ ᠣᠯᠠᠨ ᠵᠢᠭᠤᠯᠴᠢᠯᠠᠭᠴᠢᠳ ᠲᠤ ᠰᠠᠶᠢᠨ ᠰᠠᠶᠢᠬᠠᠨ ᠵᠢᠭᠤᠯᠴᠢᠯᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠲᠥᠩᠯᠢᠶᠤᠤ ᠬᠤᠲᠠ ᠶᠢᠨ ᠰᠤᠶᠤᠯ ᠵᠢᠭᠤᠯᠴᠢᠯᠠᠯ ᠷᠠᠳᠢᠤ᠋ ᠲᠧᠯᠸᠢᠰ ᠤᠨ ᠬᠤᠷᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号