︽ᠬᠠᠭᠤᠴᠢ ᠰᠤᠳᠤᠯᠤᠯ ᠤᠨ ᠳᠤᠮᠳᠠᠳᠤ ᠤᠯᠤᠰ ︱ ᠪᠣᠷᠣᠳᠣᠬᠤᠢ ᠣᠷᠣᠨ ᠤ ᠰᠠᠭᠤᠷᠢᠰᠢᠯ ᠪᠠ ᠨᠡᠶᠢᠭᠡᠮ ᠤᠨ ᠰᠤᠳᠤᠯᠤᠯ︾ ᠬᠠᠭᠤᠴᠢ ᠰᠤᠳᠤᠯᠤᠯ ᠤᠨ ᠲᠥᠷᠥᠯ ᠵᠦᠢᠯ ᠡᠬᠢᠯᠡᠪᠡ
ᠨᠡᠶᠢᠲᠡᠯᠡᠭᠰᠡᠨ ᠴᠠᠭ᠄
2023/8/13
     7 ᠳ᠋ᠤᠭᠠᠷ ᠰᠠᠷ᠎ᠠ ᠶᠢᠨ 29 ᠠᠴᠠ 30 ᠤ ᠡᠳᠦᠷ ᠪᠣᠯᠲᠠᠯ᠎ᠠ᠂ ᠰᠢ ᠶᠢᠨ ᠫᠢᠩ ᠶᠡᠷᠦᠩᠬᠡᠢ ᠱᠦᠵᠢ ᠶᠢᠨ ︽ᠬᠠᠭᠤᠴᠢ ᠰᠤᠳᠤᠯᠤᠯ ᠤᠨ ᠳᠤᠮᠳᠠᠳᠤ ᠤᠯᠤᠰ︾ ᠵᠡᠷᠭᠡ ᠴᠢᠬᠤᠯᠠ ᠶᠡᠭᠡ ᠲᠥᠷᠥᠯ ᠵᠦᠢᠯ ᠂ ᠳᠤᠮᠳᠠᠳᠤ ᠶᠢᠨ ᠪᠣᠯᠪᠠᠰᠤᠨ ᠤ ᠡᠬᠢ ᠡᠭᠦᠰᠦᠯ ᠢ ᠰᠠᠶᠢᠲᠤᠷ ᠰᠤᠳᠤᠯᠬᠤ ᠪᠠ ᠲᠣᠳᠣᠷᠬᠠᠶᠢᠯᠠᠨ ᠲᠠᠶᠢᠯᠪᠤᠷᠢᠯᠠᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠰᠠᠶᠢᠲᠤᠷ ᠲᠤᠭᠤᠰᠢᠯᠠᠭᠤᠯᠤᠨ ᠬᠡᠷᠡᠭᠵᠢᠭᠦᠯᠵᠦ᠂ ᠳᠤᠮᠳᠠᠳᠤ ᠶᠢᠨ ᠪᠣᠯᠪᠠᠰᠤᠨ ᠤ ᠡᠭᠦᠰᠦᠯ ᠪᠠ ᠡᠷᠲᠡ ᠦᠶ᠎ᠡ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ ᠰᠤᠳᠤᠯᠭᠠᠨ ᠢ ᠴᠢᠩᠭᠠᠳᠬᠠᠬᠤ ᠶᠢᠨ ᠲᠥᠯᠥᠭᠡ ᠂ ︽ᠬᠠᠭᠤᠴᠢ ᠰᠤᠳᠤᠯᠤᠯ ᠤᠨ ᠳᠤᠮᠳᠠᠳᠤ ᠤᠯᠤᠰ ︱ ᠪᠣᠷᠣᠳᠣᠬᠤᠢ ᠣᠷᠣᠨ ᠤ ᠰᠠᠭᠤᠷᠢᠰᠢᠯ ᠪᠠ ᠨᠡᠶᠢᠭᠡᠮ ᠤᠨ ᠰᠤᠳᠤᠯᠤᠯ︾ ᠭᠡᠬᠦ ᠰᠡᠳᠦᠪ ᠤᠨ 2023 ᠣᠨ ᠤ ᠠᠵᠢᠯ ᠢ ᠠᠬᠢᠭᠤᠯᠬᠤ ᠬᠤᠷᠠᠯ ᠥᠪᠥᠷ ᠮᠣᠩᠭᠤᠯ ᠤᠨ ᠴᠢᠩ ᠱᠦᠢ ᠾᠧ ᠰᠢᠶᠠᠨ ᠤ ᠾᠧᠦ ᠴᠧᠩ ᠽᠦᠢ ᠳᠤ ᠬᠤᠷᠠᠯᠳᠤᠪᠠ᠃ ᠪᠡᠭᠡᠵᠢᠩ ᠶᠡᠭᠡ ᠰᠤᠷᠭᠠᠭᠤᠯᠢ ᠶᠢᠨ ᠬᠠᠭᠤᠴᠢ ᠰᠤᠳᠤᠯᠤᠯ ᠰᠣᠶᠣᠯ ᠦᠵᠡᠰᠬᠦᠯᠡᠩ ᠤᠨ ᠳᠡᠭᠡᠳᠦ ᠰᠤᠷᠭᠠᠭᠤᠯᠢ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ᠬᠠᠭᠤᠴᠢ ᠰᠤᠳᠤᠯᠤᠯ ᠤᠨ ᠲᠥᠪ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠲᠡᠦᠬᠡ ᠶᠢᠨ ᠳᠡᠭᠡᠳᠦ ᠰᠤᠷᠭᠠᠭᠤᠯᠢ᠂ ᠱᠠᠨᠰᠢ ᠮᠤᠵᠢ ᠶᠢᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ᠂ ᠱᠠᠨ ᠰᠢ ᠮᠤᠵᠢ ᠶᠢᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ᠂ ᠱᠠᠨᠳᠦ᠋ᠩ ᠮᠤᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ᠂ ᠬᠤᠨᠠᠨ ᠶᠡᠭᠡ ᠰᠤᠷᠭᠠᠭᠤᠯᠢ ᠶᠢᠨ ᠶᠤᠸᠠᠢ ᠯᠦ ᠪᠢᠴᠢᠭ ᠤᠨ ᠬᠦᠷᠢᠶᠡᠯᠡᠩ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠡᠪᠯᠡᠯ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ᠂ ᠴᠢᠩ ᠱᠦᠢ ᠾᠧ ᠰᠢᠶᠠᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠵᠡᠷᠭᠡ ᠪᠠᠶᠢᠭᠤᠯᠭ᠎ᠠ ᠶᠢᠨ ᠬᠤᠷᠢ ᠭᠠᠷᠤᠢ ᠮᠡᠷᠭᠡᠵᠢᠯᠲᠡᠨ ᠬᠤᠷᠠᠯ  ᠳᠤ ᠤᠷᠤᠯᠴᠠᠪᠠ᠃      ᠴᠢᠩ ᠱᠦᠢ ᠡᡁᠸ ᠰᠢᠶᠠᠨ ᠤ ᠾᠧᠦ ᠴᠧᠩ ᠽᠦᠢ ᠶᠢᠨ ᠴᠢᠯᠠᠭᠤᠨ ᠬᠤᠳᠠ ᠨᠢ ᠥᠪᠥᠷ ᠮᠣᠩᠭᠤᠯ ᠤᠨ ᠳᠤᠮᠳᠠ ᠡᠮᠦᠨᠡᠲᠦ ᠬᠡᠰᠡᠭ ᠴᠢᠨᠠᠭᠰᠢᠯᠠᠪᠠᠯ ᠪᠣᠷᠣᠳᠣᠬᠤᠢ ᠶᠢᠨ ᠣᠷᠣᠨ ᠳᠤ ᠵᠦᠢᠷᠯᠡᠰᠢ ᠦᠭᠡᠢ ᠪᠠᠶᠢᠷᠢ ᠰᠠᠭᠤᠷᠢ ᠲᠠᠢ ᠪᠠᠶᠢᠵᠤ᠂ ᠬᠠᠭᠤᠴᠢ ᠰᠤᠳᠤᠯᠤᠯ ᠤᠨ ᠦᠷ᠎ᠡ ᠪᠦᠲᠦᠭᠡᠯ ᠡᠯᠪᠡᠭ ᠪᠠᠶᠠᠯᠢᠭ᠂ ᠠᠵᠢᠯ ᠨᠢ ᠴᠢᠬᠤᠯᠠ᠂ ᠪᠣᠳᠠᠲᠤ ᠠᠴᠢ ᠬᠤᠯᠪᠣᠭᠳᠠᠯ ᠪᠠ ᠡᠷᠳᠡᠮ ᠰᠢᠨᠵᠢᠯᠡᠭᠡᠨ ᠤ ᠦᠨ᠎ᠡ ᠦᠷᠳᠡᠭ ᠢᠶᠠᠷ ᠲᠤᠶᠢᠯ ᠤᠨ ᠶᠡᠭᠡ᠂ ᠪᠣᠷᠣᠳᠣᠬᠤᠢ ᠶᠢᠨ ᠣᠷᠣᠨ ᠤ ᠪᠣᠯᠪᠠᠰᠤᠨ ᠤ ᠠᠬᠢᠴᠠ ᠶᠢ ᠰᠤᠳᠤᠯᠬᠤ ᠳᠤ ᠴᠢᠬᠤᠯᠠ ᠦᠨ᠎ᠡ ᠦᠷᠳᠡᠭ ᠲᠠᠢ ᠶᠤᠮ᠃ ᠾᠧᠦ ᠴᠧᠩ ᠽᠦᠢ ᠶᠢᠨ ᠴᠢᠯᠠᠭᠤᠨ ᠬᠤᠲᠠ ᠪᠣᠯ ᠥᠪᠥᠷ ᠮᠣᠩᠭᠤᠯ ᠤᠨ ᠳᠤᠮᠳᠠ ᠡᠮᠦᠨᠡᠲᠦ ᠬᠡᠰᠡᠭ ᠤᠨ ᠯᠦᠩ ᠱᠠᠨ ᠤ ᠦᠶ᠎ᠡ ᠶᠢᠨ ᠴᠢᠯᠠᠭᠤᠨ ᠬᠤᠲᠠ ᠶᠢᠨ ᠨᠡᠶᠢᠲᠡᠯᠢᠭ ᠲᠥᠯᠥᠭᠡᠯᠡᠭᠴᠢ ᠪᠠᠶᠢᠵᠤ᠂ ᠬᠤᠲᠠ ᠶᠢᠨ ᠬᠠᠭᠠᠯᠭ᠎ᠠ ᠶᠢᠨ ᠪᠦᠲᠦᠴᠡ ᠨᠢ ᠪᠤᠳᠤᠯᠢᠶᠠᠨᠲᠠᠢ᠂ ᠬᠡᠯᠪᠡᠷᠢ ᠨᠢ ᠣᠨᠴᠠᠭᠠᠶ᠂ ᠨᠢᠭᠡᠨᠲᠡ ᠢᠯᠡᠷᠡᠭᠦᠯᠦᠭᠰᠡᠨ ᠡᠷᠲᠡᠨ ᠤ ᠬᠤᠲᠠ ᠲᠠᠢ ᠬᠠᠷᠢᠴᠠᠭᠤᠯᠪᠠᠯ ᠮᠠᠰᠢ ᠢᠯᠡᠷᠬᠡᠢ ᠢᠯᠭᠠᠭ᠎ᠠ ᠲᠠᠢ ᠪᠠᠶᠢᠵᠤ᠂ ᠢᠯᠠᠩᠭᠤᠶ᠎ᠠ ᠠᠩᠬ᠎ᠠ ᠤᠳᠠᠭ᠎ᠠ ᠢᠯᠡᠷᠡᠭᠦᠯᠦᠭᠰᠡᠨ ᠨᠠᠷᠢᠨ ᠪᠤᠳᠤᠯᠢᠶᠠᠨᠲᠠᠢ ᠭᠠᠵᠠᠷ ᠳᠣᠣᠷᠠᠬᠢ ᠵᠠᠮ ᠤᠨ ᠰᠢᠰᠲ᠋ᠧᠮ ᠨᠢ ᠳᠤᠮᠳᠠᠳᠤ ᠤᠯᠤᠰ ᠤᠨ ᠤᠮᠠᠷᠠᠲᠤ ᠣᠷᠣᠨ ᠤ ᠡᠷᠲᠡ ᠦᠶ᠎ᠡ ᠶᠢᠨ ᠬᠤᠲᠠ ᠶᠢ ᠪᠠᠶᠢᠭᠤᠯᠬᠤ ᠳᠤ ᠰᠢᠨ᠎ᠡ ᠡᠯᠧᠮᠧᠨ᠋ᠲ ᠢ ᠬᠠᠩᠭᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号