ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠥᠬᠡᠬᠤᠲᠠ ᠪᠤᠭᠤᠲᠤ ᠣᠷᠳᠣᠰ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ︽ᠰᠢᠰᠲ᠋ᠧᠮᠲᠦ ᠠᠵᠢᠯᠯᠠᠭ᠎ᠠ ︾ ᠶᠢ ᠰᠠᠶᠢᠲᠤᠷ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠪᠠ
ᠨᠡᠶᠢᠲᠡᠯᠡᠭᠰᠡᠨ ᠴᠠᠭ᠄
2023/8/13
   7 ᠳ᠋ᠤᠭᠠᠷ ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠰᠢᠭᠤᠨ ᠤ ᠰᠢᠷᠠᠮᠥ᠋ᠷᠡᠨ ᠤ ᠲᠠᠯ᠎ᠠ ᠨᠤᠲᠤᠭ᠂ ᠣᠷᠳᠣᠰ ᠬᠤᠲᠠ ᠶᠢᠨ ᠬᠥᠪᠴᠢ᠂ ᠶᠢᠨᠺᠧᠨ ᠲᠠᠯ᠎ᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠭᠠᠵᠠᠷ ᠲᠤ ᠬᠥᠬᠡᠬᠤᠲᠠ ᠪᠤᠭᠤᠲᠤ ᠣᠷᠳᠣᠰ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢ ᠥᠷᠨᠢᠭᠦᠯᠬᠦ ᠶᠢᠨ ᠬᠠᠮᠲᠤ ᠬᠥᠬᠡᠬᠤᠲᠠ ᠪᠤᠭᠤᠲᠤ ᠣᠷᠳᠣᠰ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠲᠤᠬᠠᠢ ᠶᠢᠨ ᠲᠠᠯᠠᠪᠠᠶ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠃     ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤ ᠨᠢ ᠯᠠᠪᠯᠠᠨ ᠠᠰᠠᠭᠤᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠷᠠᠮᠥᠶᠢᠨ ᠪᠠᠯᠭᠠᠰᠤᠨ ᠤ ᠳ᠋ᠧᠪᠡᠵᠡᠨ ᠤ ᠲᠠᠯ᠎ᠠ ᠨᠤᠲᠤᠭ · ᠮᠣᠩᠭᠤᠯ ᠸᠠᠩ ᠬᠤᠲᠠᠬᠠᠨ᠂ ᠵᠤᠶᠠ ᠠᠶᠢᠯ᠂ ᠳᠠᠯᠠᠳ ᠬᠤᠰᠢᠭᠤᠨ ᠤ ᠫᠦᠵᠢᠩ ᠬᠠᠷᠢᠯᠴᠠᠨ ᠠᠷᠠᠯᠵᠢᠶᠠᠯᠠᠬᠤ᠂ ᠮᠣᠩᠭᠤᠯ ᠥᠷᠭᠦᠭᠡ᠂ ᠳ᠋ᠦᠩ ᠳ᠋ᠡ ᠮᠣᠩᠭᠤᠯ ᠸᠠᠩ ᠨᠣᠯᠤᠥᠷ ᠤᠨ ᠳᠡᠯᠭᠡᠭᠦᠷ ᠵᠡᠷᠭᠡ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠪᠠᠷᠠᠭ᠎ᠠ ᠬᠤᠳᠠᠯᠳᠤᠨ ᠠᠪᠬᠤ ᠳᠡᠯᠭᠡᠭᠦᠷ ᠵᠡᠷᠭᠡ ᠳᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠡᠯ᠎ᠡ ᠬᠤᠯᠪᠣᠭᠳᠠᠬᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠳᠤ ᠬᠤᠳᠠᠯ ᠬᠠᠭᠤᠷᠮᠠᠭ ᠤᠬᠠᠭᠤᠯᠭ᠎ᠠ᠂ ᠠᠯᠪᠠᠳᠠᠯᠭ᠎ᠠ ᠪᠠᠷ ᠬᠡᠷᠡᠭᠯᠡᠭᠡ ᠶᠢ ᠬᠥᠲᠥᠯᠥᠨ ᠵᠢᠯᠤᠭᠤᠳᠬᠤ ᠂ ᠦᠨ᠎ᠡ ᠬᠠᠩᠰᠢ ᠶᠢ ᠢᠯᠡ ᠲᠡᠮᠳᠡᠭᠯᠡᠬᠦ ᠦᠭᠡᠢ ᠵᠡᠷᠭᠡ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃     ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠦᠷᠭᠦᠯᠵᠢᠯᠡᠨ ᠮᠠᠨ ᠤ ᠣᠷᠣᠨ ᠤ  ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠵᠦᠢ ᠵᠣᠬᠢᠰ ᠦᠭᠡᠢ ᠳᠣᠣᠷ᠎ᠠ ᠦᠨ᠎ᠡ ᠪᠠᠷ ᠵᠢᠭᠤᠯᠴᠢᠯᠠᠬᠤ᠂ ᠵᠣᠴᠢᠳ ᠢ ᠮᠡᠬᠡᠯᠡᠨ ᠬᠢᠬᠠᠬᠤ᠂ ᠠᠯᠪᠠᠳᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠵᠤ ᠪᠠᠶᠢᠭᠠᠳ ᠪᠠᠷᠠᠭ᠎ᠠ ᠬᠤᠳᠠᠯᠳᠤᠨ ᠠᠪᠤᠭᠤᠯᠬᠤ ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠵᠦ᠂ ᠪᠥᠬᠦ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号