ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠠᠩᠬᠠᠳᠠᠭᠴᠢ ᠤᠳᠠᠭᠠᠨ ᠤ ᠨᠡᠷᠡᠰ ᠢ ᠨᠡᠶᠢᠲᠡᠯᠡᠪᠡ
ᠨᠡᠶᠢᠲᠡᠯᠡᠭᠰᠡᠨ ᠴᠠᠭ᠄
2023/8/13
     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ 2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠤᠳᠤᠷᠬᠠᠶᠢᠯᠠᠭᠰᠠᠨ ︽ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠪᠤᠶ ᠪᠣᠯᠭᠠᠬᠤ︾ ᠡᠭᠦᠷᠭᠡ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮ ᠤᠨ ᠴᠢᠨᠠᠷᠲᠠᠢ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠥᠪᠥᠷ ᠮᠣᠩᠭᠤᠯ ᠣᠷᠣᠨ ᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠳᠡᠭᠡᠳᠦ ᠬᠡᠮᠵᠢᠶ᠎ᠡ ᠪᠠᠷ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠡᠭᠦᠳᠦᠨ ᠪᠠᠶᠢᠭᠤᠯᠵᠤ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠡᠯ᠎ᠡ ᠭᠠᠵᠠᠷ ᠤᠨ ᠲᠠᠨᠢᠯᠴᠠᠭᠤᠯᠤᠭᠰᠠᠨ ᠮᠡᠳᠡᠭᠦᠯᠦᠯᠲᠡ ᠶᠢᠨ ᠰᠠᠭᠤᠷᠢᠨ ᠳᠡᠭᠡᠷ᠎ᠡ᠂ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠡᠯᠪᠡᠭ ᠳᠡᠯᠪᠡᠭ᠂ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ᠂ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠶᠢᠨ ᠦᠷᠭᠦᠯᠵᠢ ᠶᠢᠨ ᠴᠢᠨᠠᠷᠲᠠᠢ᠂ ᠠᠭᠤᠰᠤᠯᠴᠠᠨ ᠬᠦᠭᠵᠢᠭᠦᠯᠬᠦ ᠦᠷ᠎ᠡ ᠪᠦᠲᠦᠮᠵᠢᠲᠡᠶ ᠰᠢᠯᠭᠠᠷᠠᠭᠤᠯᠬᠤ ᠪᠠᠷᠢᠮᠵᠢᠶ᠎ᠠ ᠶᠣᠰᠣᠭᠠᠷ᠂ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ᠂ ᠲᠣᠭᠲᠠᠬᠤ ᠰᠢᠶᠠᠨ ᠤ ᠾᠧ ᠺᠧᠦ ᠲᠣᠰᠬᠤᠨ᠂ ᠴᠢᠩ ᠱᠦᠢ ᠾᠧ ᠰᠢᠶᠠᠨ ᠤ ᠯᠣᠣ ᠨᠢᠦ ᠸᠠᠨ ᠪᠠᠯᠭᠠᠰᠤ ᠵᠡᠷᠭᠡ 24 ᠪᠤᠳᠠᠰ ᠤᠨ ᠪᠤᠰᠤ ᠰᠣᠶᠣᠯ ᠤᠨ ᠦᠪ ᠤᠨ ᠣᠨᠴᠠᠯᠢᠭᠲᠤ ᠲᠣᠰᠬᠤᠨ ᠪᠠᠯᠭᠠᠰᠤ ᠢ ᠪᠠᠶᠢᠭᠤᠯᠵᠤ᠂ ᠪᠤᠭᠤᠮᠳᠠ ᠶᠢᠨ ᠭᠠᠳᠠᠨᠠᠬᠢ ᠬᠠᠭᠤᠴᠢᠨ ᠵᠡᠭᠡᠯᠢ ᠶᠢᠨ ᠲᠡᠦᠬᠡ ᠰᠣᠶᠣᠯ ᠤᠨ ᠵᠡᠭᠡᠯᠢ ᠲᠣᠭᠤᠷᠢᠭ᠂ ᠳ᠋ᠦᠩ ᠾᠧ ᠲᠣᠭᠤᠷᠢᠭ ᠤᠨ ᠴᠢᠶᠣᠤ ᠵᠢᠶᠠ ᠶᠢᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠵᠡᠭᠡᠯᠢ ᠵᠡᠷᠭᠡ 11 ᠪᠤᠳᠠᠰ ᠤᠨ ᠪᠤᠰᠤ ᠰᠣᠶᠣᠯ ᠤᠨ ᠦᠪ ᠤᠨ ᠣᠨᠴᠠᠯᠢᠭᠲᠤ ᠵᠡᠭᠡᠯᠢ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠩᠬᠠᠳᠠᠭᠴᠢ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢᠶᠠᠷ ᠲᠣᠭᠲᠠᠭᠠᠪᠠ᠃      ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠵᠢᠱᠢᠶ᠎ᠡ ᠦᠵᠡᠭᠦᠯᠬᠦ ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠤᠯ ᠥᠪᠥᠷ ᠮᠣᠩᠭᠤᠯ ᠤᠨ ᠰᠢ ᠶᠢᠨ ᠫᠢᠩ ᠶᠡᠷᠦᠩᠬᠡᠢ ᠱᠦᠵᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮ ᠤᠨ ᠴᠢᠨᠠᠷᠲᠠᠢ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠯ᠎ᠠ ᠨᠤᠲᠤᠭ᠂ ᠲᠠᠷᠢᠶᠠᠯᠠᠬᠤ᠂ ᠨᠡᠭᠦᠳᠡᠯ ᠮᠠᠯᠵᠢᠯ ᠵᠡᠷᠭᠡ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠲᠤᠳᠬᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠢ ᠠᠬᠢᠭᠤᠯᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠭᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠴᠢᠬᠤᠯᠠ ᠭᠠᠷᠳᠠᠴᠠ ᠪᠤᠯᠤᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠠᠴᠠ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠬᠠᠮᠠᠭᠠᠯᠠᠯᠲᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠤᠨᠢᠨ ᠳᠡᠭᠡᠷ᠎ᠡ ᠨᠢ ᠦᠢᠯᠡᠴᠢᠯᠡᠬᠦ ᠶᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠥᠨᠳᠥᠷ ᠲᠦᠪᠰᠢᠨ ᠢᠶᠠᠷ ᠠᠭᠤᠰᠤᠯᠴᠠᠬᠤ᠂ ᠴᠢᠨᠠᠷ ᠰᠠᠶᠢᠲᠠᠢ ᠬᠥᠭᠵᠢᠬᠦ ᠳᠤ ᠨᠡᠩ ᠰᠠᠶᠢᠨ ᠬᠦᠴᠦ ᠨᠡᠮᠡᠷᠢᠯᠡᠬᠦ ᠪᠠᠷ ᠴᠢᠷᠮᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号