ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠲᠠᠢ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠣᠶᠣᠯ  ᠵᠢᠭᠤᠯᠴᠢᠯᠠᠯ ᠤᠨ ᠬᠦᠴᠦᠨ ᠴᠢᠳᠠᠯ ᠢᠶᠠᠨ ᠡᠷᠭᠦᠨ᠎ᠡ
ᠨᠡᠶᠢᠲᠡᠯᠡᠭᠰᠡᠨ ᠴᠠᠭ᠄
2023/8/13
     ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠳᠡᠯᠭᠡᠷᠡᠭᠦᠯᠦᠯᠲᠡ ᠶᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠬᠥᠭᠵᠢᠵᠦ᠂ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠭᠰᠠᠨ ᠢᠶᠠᠷ ᠳᠡᠭᠡᠷ᠎ᠡ ᠬᠠᠭᠠᠰ ᠵᠢᠯ ᠤᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠭᠥᠯᠢᠶᠡᠨ ᠠᠪᠤᠭᠰᠠᠨ ᠬᠡᠮᠵᠢᠶ᠎ᠡ ᠪᠠ ᠵᠢᠭᠤᠯᠴᠢᠯᠠᠯ ᠤᠨ ᠣᠷᠣᠯᠭ᠎ᠠ ᠨᠢ ᠲᠣᠰ ᠲᠣᠰ 2022 ᠣᠨ ᠤ 2.55 ᠳᠠᠬᠢᠨ  ᠪᠠ 3 ᠳᠠᠬᠢᠨ ᠪᠣᠯᠵᠠᠢ᠃      ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠢᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ   ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠰᠠᠶᠢᠲᠤᠷ ᠪᠡᠶᠡᠯᠡᠭᠦᠯᠬᠦ ᠠᠵᠢᠯ ᠢ ᠬᠢᠨ᠎ᠡ᠃ ᠠᠮᠢ ᠠᠬᠤᠢ ᠶᠢ ᠲᠡᠷᠢᠭᠦᠨ ᠳᠤ ᠲᠠᠯᠪᠢᠵᠤ  ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠨ᠂ ᠰᠠᠭᠤᠷᠢ ᠪᠡᠯᠡᠳᠬᠡᠮᠵᠢ ᠶᠢ ᠬᠦᠴᠦᠯᠡᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠪᠥᠬᠦ ᠬᠦᠴᠦᠨ ᠢᠶᠠᠷ ᠢᠶᠠᠨ ᠥᠪᠥᠷ ᠮᠣᠩᠭᠤᠯ ᠢ ᠦᠪᠡᠰᠦᠪᠡᠨ ᠮᠠᠰᠢᠨ ᠵᠢᠯᠤᠭᠤᠳᠴᠤ ᠵᠢᠭᠤᠯᠴᠢᠯᠠᠬᠤ ᠲᠡᠷᠢᠭᠦᠨ ᠤ ᠰᠣᠩᠭᠤᠯᠲᠠ ᠶᠢᠨ ᠭᠠᠵᠠᠷ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ᠂ ᠠᠮᠠᠷᠠᠯᠲᠠ ᠶᠢᠨ ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ ᠪᠣᠯᠭᠠᠨ᠎ᠠ︔ ᠦᠨᠳᠦᠰᠦᠨ ᠠᠴᠠ ᠨᠢ ᠴᠡᠭᠴᠡᠯᠡᠨ ᠵᠠᠰᠠᠵᠤ᠂ ᠰᠢᠨ᠎ᠡ ᠶᠢ ᠡᠭᠦᠳᠬᠦ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ᠂ ᠰᠣᠶᠣᠯ ᠤᠨ ᠥᠪ ᠤᠨ ᠬᠠᠮᠠᠭᠠᠯᠠᠯᠲᠠ ᠶᠢ ᠰᠠᠶᠢᠲᠤᠷ ᠠᠳᠬᠤᠵᠤ᠂ ︽ᠤᠮᠠᠷᠠᠲᠤ ᠶᠢᠨ ᠰᠣᠶᠣᠯ︾  ᠤᠨ ᠲᠦᠷᠦᠯ ᠲᠡᠮᠳᠡᠭᠲᠦ ᠶᠢ ᠰᠢᠯᠢᠳᠡᠭᠵᠢᠭᠦᠯᠵᠦ᠂ ᠤᠮᠠᠷᠠᠲᠤ ᠶᠢᠨ ᠰᠣᠶᠣᠯ ᠤᠨ ᠦᠢᠯᠡᠰ᠂ ᠰᠣᠶᠣᠯ ᠤᠨ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ︔ ᠥᠨᠳᠥᠷ ᠲᠤ ᠵᠣᠭᠰᠣᠨ ᠠᠯᠤᠰ ᠢ ᠪᠠᠷᠠᠯᠠᠬᠤ᠂ ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠶᠢ ᠪᠠᠷᠢᠮᠲᠠᠯᠠᠵᠤ᠂ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠵᠢᠭᠤᠯᠴᠢᠯᠠᠯ ᠤᠨ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠥᠪᠥᠷ ᠮᠣᠩᠭᠤᠯ ᠤᠨ ᠮᠠᠨᠵᠤᠤᠷ ᠤᠨ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠵᠡᠷᠭᠡ ᠪᠣᠭᠤᠮᠲᠠ ᠶᠢᠨ ᠬᠤᠲᠠ ᠶᠢᠨ ᠦᠢᠯᠡᠳᠦᠯ ᠢ ᠪᠠᠳᠠᠷᠠᠭᠤᠯᠵᠤ᠂ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠨ᠂ ᠬᠢᠯᠢ ᠠᠯᠤᠰᠯᠠᠭᠰᠠᠨ ᠵᠢᠭᠤᠯᠴᠢᠯᠠᠯ ᠢ ᠬᠥᠭᠵᠢᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠠᠶᠢᠭᠤᠯᠬᠤ ᠳᠤ ᠰᠣᠶᠣᠯ ᠵᠢᠭᠤᠯᠴᠢᠯᠠᠯ ᠤᠨ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号