ᠣᠷᠳᠣᠰ ᠬᠤᠲᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/8/25
   ᠣᠶᠢᠷ᠎ᠠ ᠳᠤ᠂ ᠣᠷᠳᠣᠰ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠰᠢᠰᠲ᠋ᠧᠮ ᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃    ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠬᠠᠳᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠵᠠᠰᠠᠬᠤ ᠠᠵᠢᠯ ᠢ ᠲᠦᠷᠦᠯ ᠬᠤᠪᠢᠶᠠᠨ ᠰᠠᠶᠢᠲᠤᠷ ᠠᠳᠬᠤᠵᠤ᠂ ᠪᠣᠬᠢᠷᠳᠤᠯ ᠦᠭᠡᠢ ᠠᠵᠤ ᠠᠬᠤᠢ ᠶᠢ ᠢᠳᠡᠪᠬᠢᠲᠡᠢ ᠰᠦᠪᠡᠭᠴᠢᠯᠡᠨ ᠬᠥᠭᠵᠢᠭᠦᠯᠵᠦ᠂ ᠬᠥᠬᠡ ᠲᠡᠭᠷᠢ᠂ ᠬᠥᠬᠡᠮᠳᠦᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃    ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠵᠦ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨᠵᠢᠯᠡᠬᠦ ᠤᠬᠠᠭᠠᠨᠴᠢ ᠠᠷᠭ᠎ᠠ ᠪᠣᠳᠣᠯᠭ᠎ᠠ ᠬᠡᠷᠡᠭᠵᠢᠭᠦᠯᠪᠡ᠃ 1978 ᠣᠨ ᠠᠴᠠ 2013 ᠣᠨ ᠪᠣᠯᠲᠠᠯ᠎ᠠ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠲᠤ ᠲᠠᠪᠤᠨ ᠬᠤᠭᠤᠴᠠᠭᠠᠨ ᠤ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠢᠨᠵᠧᠨᠧᠷᠢᠩ ᠢ ᠬᠡᠷᠡᠭᠵᠢᠭᠦᠯᠦᠨ᠂ 117.5 ᠲᠦᠮᠡᠨ ᠮᠦ ᠶᠢ ᠬᠥᠮᠥᠨ ᠤ ᠬᠦᠴᠦ ᠪᠠᠷ ᠣᠶᠢᠵᠢᠭᠤᠯᠤᠭᠰᠠᠨ ᠪᠥᠭᠡᠳ 2014 ᠣᠨ ᠠᠴᠠ 2022 ᠣᠨ ᠪᠣᠯᠲᠠᠯ᠎ᠠ ᠪᠡᠭᠡᠵᠢᠩ ᠲᠢᠶᠠᠨᠵᠢᠨ ᠤ ᠡᠯᠡᠰᠦᠨ ᠰᠠᠯᠬᠢᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭ᠎ᠠ ᠪᠠ ᠬᠥᠪᠴᠢ — ᠮᠤᠤᠠᠤᠰᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠣᠶ ᠰᠢᠭᠤᠢ ᠶᠢᠨ ᠠᠮᠢ ᠠᠬᠤᠢ ᠶᠢᠨ ᠭᠤᠣᠯᠳᠠᠯᠭ᠎ᠠ ᠲᠠᠢ ᠢᠨᠵᠧᠨᠧᠷᠢᠩ ᠢ ᠵᠠᠯᠭᠠᠭ᠎ᠠ ᠪᠠᠷ ᠬᠡᠷᠡᠭᠵᠢᠭᠦᠯᠦᠭᠡᠳ᠂ ᠰᠠᠯᠬᠢᠨ ᠳᠤ ᠡᠯᠡᠭᠳᠡᠵᠦ ᠡᠯᠡᠰᠦᠷᠬᠡᠭᠵᠢᠭᠰᠡᠨ ᠭᠠᠵᠠᠷ ᠰᠢᠷᠣᠢ ᠪᠠ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ ᠬᠢᠵᠠᠭᠠᠷᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠠᠢ᠃ ᠣᠯᠠᠨ ᠵᠢᠯ ᠤᠨ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠣᠶ ᠰᠢᠭᠤᠢ ᠶᠢᠨ ᠪᠦᠷᠬᠦᠴᠡ ᠶᠢᠨ ᠨᠣᠷᠮ᠎ᠠ 1978 ᠣᠨ ᠳᠤ 5.6% ᠪᠠᠶᠢᠭᠰᠠᠨ ᠠᠴᠠ ᠪᠠᠨ ᠣᠲᠣ    29.9% ᠪᠣᠯᠵᠤ ᠳᠡᠭᠡᠭᠰᠢᠯᠡᠵᠡᠢ᠃    ᠳᠠᠷᠠᠭᠠᠴᠢ ᠶᠢᠨ ᠠᠯᠬᠤᠮ ᠳᠤ᠂ ᠣᠷᠳᠣᠰ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ︽ᠬᠢᠯᠪᠠᠷ ᠪᠤᠰᠤ ᠪᠠᠷ ᠢᠷᠡᠭᠰᠡᠨ ᠨᠤᠲᠤᠭ ᠪᠡᠯᠴᠢᠭᠡᠷ᠂ ᠤᠢ ᠰᠢᠭᠤᠢ ᠶᠢ ᠰᠠᠶᠢᠲᠤᠷ ᠬᠠᠮᠠᠭᠠᠯᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠰᠡᠷᠭᠦᠭᠡᠬᠦ ᠶᠢ ᠪᠡᠶᠡᠯᠡᠭᠦᠯᠦᠨ᠎ᠡ ᠃ ᠲᠥᠷᠥ ᠶᠢᠨ ᠪᠣᠳᠣᠯᠭ᠎ᠠ ᠶᠢᠨ ᠳᠤᠷᠠᠳᠤᠭᠳᠠᠭᠰᠠᠨ ᠠᠴᠠ ᠬᠡᠷᠡᠭᠵᠢᠭᠦᠯᠦᠭᠳᠡᠬᠦ ᠬᠦᠷᠲᠡᠯᠡᠬᠢ ᠬᠤᠭᠤᠴᠠᠭ᠎ᠠ ᠶᠢ ᠴᠢᠩᠭ᠎ᠠ ᠠᠳᠬᠤᠵᠤ᠂ ᠨᠠᠩ ᠣᠯᠠᠨ ᠭᠤᠣᠯᠳᠠᠯᠭ᠎ᠠ ᠲᠠᠢ ᠠᠵᠢᠯ᠂ ᠴᠢᠬᠤᠯᠠ ᠶᠡᠭᠡ ᠲᠥᠷᠥᠯ ᠵᠦᠢᠯ ᠤᠳ ᠢ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠳᠡᠭᠡᠳᠦ ᠱᠠᠲᠤᠨ ᠤ ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠬᠦᠴᠦᠯᠡᠨ ᠰᠢᠯᠢᠳᠡᠭᠵᠢᠭᠦᠯᠦᠨ ᠲᠣᠬᠢᠷᠠᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠳ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号