ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ  ᠦᠵᠡᠰᠭᠦᠯᠡᠩ ᠤᠨ ᠠᠮᠤᠷ ᠲᠦᠪᠰᠢᠨ  ᠢ ᠪᠠᠲᠤᠯᠠᠨ᠎ᠠ  ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠮᠦᠽᠧᠢ ᠶᠢᠨ ᠵᠤᠨ ᠤ ᠠᠮᠠᠷᠠᠯᠲᠠ ᠶᠢᠨ ᠬᠤᠭᠤᠴᠠᠭᠠᠨ ᠤ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/8/26
     8 ᠳ᠋ᠤᠭᠠᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ᠮᠦᠽᠧᠢ ᠶᠢᠨ ᠭᠠᠵᠠᠷ ᠥᠪᠥᠷ ᠮᠣᠩᠭᠤᠯ ᠤᠨ ᠮᠦᠽᠧᠢ᠂ ᠬᠥᠬᠡᠬᠤᠲᠠ ᠶᠢᠨ ᠮᠦᠽᠧᠢ ᠶᠢᠨ ᠵᠣᠨ ᠤ ᠠᠮᠠᠷᠠᠯᠲᠠ ᠶᠢᠨ ᠬᠤᠭᠤᠴᠠᠭᠠᠨ ᠤ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ︽ᠮᠦᠽᠧᠢ ᠶᠢᠨ ᠵᠤᠨ ᠤ ᠠᠮᠠᠷᠠᠯᠲᠠ ᠵᠡᠷᠭᠡ ᠪᠠᠶᠠᠷ ᠳᠤᠷᠠᠰᠬᠠᠯ ᠤᠨ ᠡᠳᠦᠷ ᠤᠨ ᠦᠢᠯᠡᠴᠢᠯᠡᠭᠡᠨ ᠤ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ  ᠶᠠᠪᠤᠳᠠᠯ ᠤᠨ ᠬᠤᠷᠠᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠂ ᠭᠥᠯᠢᠶᠡᠨ ᠠᠪᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠮᠦᠽᠧᠢ ᠶᠢᠨ ᠨᠡᠶᠢᠭᠡᠮ ᠤᠨ ᠰᠤᠷᠭᠠᠨ ᠬᠥᠮᠦᠵᠢᠯ ᠤᠨ ᠴᠢᠳᠠᠮᠵᠢ ᠶᠢ ᠤᠯᠠᠮ ᠨᠢᠭᠡ ᠠᠯᠬᠤᠮ ᠪᠠᠳᠠᠷᠠᠭᠤᠯᠤᠨ᠂ ᠥᠷᠭᠡᠨ ᠣᠯᠠᠨ ᠲᠦᠮᠡᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ  ᠬᠠᠩᠭᠠᠬᠤ ᠶᠢᠨ ᠲᠦᠯᠦᠭᠡ ᠶᠤᠮ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠮᠦᠽᠧᠢ᠂ ᠬᠥᠬᠡᠬᠤᠲᠠ ᠶᠢᠨ ᠮᠦᠽᠧᠢ ᠳᠤ ᠬᠦᠷᠴᠦ ᠲᠤᠬᠠᠢ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠵᠤ᠂ ᠠᠮᠤᠷ ᠲᠦᠪᠰᠢᠨ ᠤ ᠪᠠᠶᠢᠴᠠᠭᠠᠯᠲᠠ ᠶᠢᠨ ᠬᠠᠭᠠᠯᠲᠠ᠂ ᠠᠮᠤᠷ ᠲᠦᠪᠰᠢᠨ ᠤ ᠰᠡᠷᠭᠡᠶᠢᠯᠡᠯᠲᠡ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠣᠭᠤᠷᠢᠨ ᠪᠠᠶᠢᠴᠠᠭᠠᠭᠰᠠᠨ ᠲᠡᠮᠳᠡᠭᠯᠡᠯ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠵᠢᠴᠢ ᠬᠢᠨᠠᠨ ᠡᠵᠡᠮᠳᠡᠵᠦ ᠠᠵᠢᠯᠯᠠᠭᠤᠯᠤᠭᠰᠠᠨ ᠪᠠᠶᠢᠳᠠᠯ ᠢ ᠪᠠᠶᠢᠴᠠᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠵᠤᠨ ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠭᠴᠢᠳ ᠢ ᠬᠦᠯᠢᠶᠡᠨ ᠠᠪᠤᠭᠰᠠᠨ᠂ ᠤᠷᠤᠰᠬᠠᠯ ᠤᠨ ᠬᠡᠮᠵᠢᠶ᠎ᠡ ᠶᠢ ᠬᠢᠵᠠᠭᠠᠷᠯᠠᠭᠰᠠᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠲᠠᠯ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠥᠪᠥᠷ ᠮᠣᠩᠭᠤᠯ ᠤᠨ ᠮᠦᠽᠧᠢ ᠶᠢᠨ ᠲᠤᠭᠠᠵᠢᠭᠤᠯᠤᠭᠰᠠᠨ ᠦᠵᠡᠭᠦᠯᠭᠡ ᠶᠢᠨ ᠲᠢᠩᠬᠢᠮ ᠤᠨ ᠪᠠᠶᠢᠭᠤᠯᠤᠯᠲᠠ ᠪᠣᠯᠣᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠶᠢᠨ ᠲᠤᠷᠰᠢᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠲᠣᠬᠢᠷᠠᠭᠤᠯᠤᠨ ᠵᠢᠯᠤᠭᠤᠳᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠰᠤᠶᠤᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号