︽ᠠᠯᠠᠱᠠ ᠶᠢᠨ ᠪᠡᠯᠡᠭ ᠰᠡᠯᠲᠡ︾ ᠶᠢᠨ ᠠᠩᠬᠠᠳᠠᠭᠴᠢ ᠪᠣᠳᠠᠲᠤ ᠳᠡᠯᠭᠡᠭᠦᠷ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2023/8/26
     ᠬᠤᠲᠠ ᠶᠢᠨ ᠪᠡᠯᠡᠭ ᠰᠡᠯᠲᠡ ᠪᠣᠯ ᠬᠤᠲᠠ ᠨᠢᠭᠡᠪᠦᠷᠢ ᠶᠢᠨ ᠰᠣᠶᠣᠯ ᠵᠢᠭᠤᠯᠴᠢᠯᠠᠯ ᠤᠨ ᠰᠢᠨ᠎ᠡ ᠨᠡᠷ᠎ᠡ ᠶᠢᠨ ᠬᠠᠭᠤᠳᠠᠰᠤ ᠮᠥᠨ᠂ ᠲᠡᠷᠡ ᠨᠢ ᠬᠤᠲᠠ ᠶᠢᠨ ᠰᠣᠶᠣᠯ ᠤᠨ ᠠᠭᠤᠯᠬᠤᠨ ᠢ ᠬᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠰᠣᠶᠣᠯ ᠤᠨ ᠪᠦᠲᠦᠭᠡᠯᠴᠢ ᠰᠡᠳᠬᠢᠮᠵᠢ ᠪᠠᠷ ᠳᠠᠮᠵᠢᠭᠤᠯᠤᠨ ᠬᠤᠲᠠ ᠶᠢᠨ ᠦᠯᠢᠭᠡᠷ   ᠢ ᠰᠠᠶᠢᠬᠠᠨ ᠶᠠᠷᠢᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠤ ᠴᠢᠳᠠᠬᠤ ᠶᠤᠮ᠃      ᠣᠶᠢᠷ᠎ᠠ ᠳᠤ᠂ ︽ᠠᠯᠠᠱᠠ ᠶᠢᠨ ᠪᠡᠯᠡᠭ ᠰᠡᠯᠲᠡ︾ ᠶᠢᠨ ᠠᠩᠬᠠᠳᠠᠭᠴᠢ ᠪᠣᠳᠠᠲᠤ ᠳᠡᠯᠭᠡᠭᠦᠷ ᠢ ᠠᠶᠢᠮᠠᠭ ᠤᠨ ᠵᠣᠴᠢᠳ ᠤᠨ ᠪᠠᠭᠤᠳᠠᠯ ᠤᠨ ᠬᠦᠯᠢᠶᠡᠨ ᠠᠪᠬᠤ ᠲᠢᠩᠬᠢᠮ ᠤᠨ ᠪᠠᠷᠠᠭᠤᠨ ᠲᠠᠯ᠎ᠠ ᠳᠤ ᠵᠢᠩᠬᠢᠨᠢ ᠪᠠᠷ ᠡᠷᠬᠢᠯᠡᠵᠦ᠂ ᠶᠡᠷᠦᠩᠬᠡᠢ ᠲᠠᠯᠠᠪᠠᠶ ᠨᠢ 72 ᠲᠡᠭᠰᠢ ᠲᠦᠷᠪᠡᠯᠵᠢᠨ ᠮᠧᠲᠷ᠂ ᠳᠡᠯᠭᠡᠭᠦᠷ ᠤᠨ ᠵᠢᠷᠤᠭ ᠲᠥᠯᠥᠪᠯᠡᠭᠡ ᠶᠢᠨ ᠣᠩᠭᠤᠳ  ᠨᠢ ᠠᠯᠠᠱᠠ ᠶᠢᠨ ᠡᠯᠡᠰᠦᠨ ᠴᠥᠯ᠂ ᠲᠣᠣᠷᠠᠢ ᠮᠤᠳᠤ᠂ ᠰᠠᠨᠰᠠᠷ ᠤᠨ ᠠᠶᠠᠯᠠᠯ᠂ ᠬᠠᠲᠠᠨ ᠵᠢᠷᠤᠭ ᠵᠡᠷᠭᠡ ᠠᠯᠠᠱᠠ ᠶᠢᠨ ᠣᠨᠴᠠᠯᠢᠭᠲᠤ ᠡᠯᠧᠮᠧᠨ᠋ᠲ ᠠᠴᠠ ᠢᠷᠡᠯᠲᠡ ᠲᠠᠢ ᠪᠠᠶᠢᠵᠤ᠂ ᠳᠡᠯᠭᠡᠭᠦᠷ ᠲᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠪᠦᠲᠦᠭᠡᠭᠳᠡᠬᠦᠨ᠂ ᠡᠯᠡᠰᠦᠨ ᠤ ᠠᠵᠤ ᠦᠢᠯᠡᠰ ᠤᠨ ᠪᠦᠲᠦᠭᠡᠭᠳᠡᠬᠦᠨ᠂ ᠲᠡᠮᠡᠭᠡᠨ ᠰᠦ ᠶᠢᠨ ᠨᠠᠷᠢᠯᠢᠭ ᠡᠳ᠋ᠰᠢᠭᠦᠯᠦᠭᠰᠡᠨ ᠪᠦᠲᠦᠭᠡᠭᠳᠡᠬᠦᠨ᠂ ᠰᠠᠨᠰᠠᠷ ᠤᠨ ᠠᠶᠠᠯᠠᠯ ᠤᠨ ᠪᠦᠲᠦᠭᠡᠭᠳᠡᠬᠦᠨ᠂ ᠬᠠᠴᠢᠨ ᠴᠢᠯᠠᠭᠤ ᠡᠷᠳᠡᠨᠢ ᠶᠢᠨ ᠬᠠᠰ ᠤᠨ ᠪᠦᠲᠦᠭᠡᠭᠳᠡᠬᠦᠨ ᠵᠡᠷᠭᠡ ᠠᠷᠪᠠᠨ ᠲᠣᠮᠣ ᠰᠢᠷᠢᠰ ᠨᠡᠶᠢᠲᠡ 100 ᠰᠢᠬᠠᠮ ᠵᠦᠢᠯ ᠤᠨ ᠲᠠᠸᠠᠷ ᠪᠣᠶ᠃ ᠳᠡᠯᠭᠡᠭᠦᠷ ᠲᠤ ᠠᠯᠬᠤᠨ ᠣᠷᠣᠬᠤ ᠳᠤ᠂ ᠨᠢᠳᠦ ᠭᠢᠯᠠᠰᠤᠮ᠎ᠠ ᠮᠥᠷᠲᠡᠭᠡᠨ ᠪᠦᠲᠦᠭᠡᠯᠴᠢ ᠰᠡᠳᠬᠢᠮᠵᠢ ᠪᠠᠷ ᠲᠡᠭᠦᠯᠳᠡᠷ ︽ᠠᠯᠠᠱᠠ ᠶᠢᠨ ᠪᠡᠯᠡᠭ ᠰᠡᠯᠲᠡ︾ ᠵᠢᠭᠤᠯᠴᠢᠯᠠᠭᠴᠢᠳ ᠢ ᠬᠦᠯᠢᠶᠡᠵᠦ᠂ ᠲᠡᠳᠡᠨ ᠢ ᠭᠡᠷ ᠲᠤ ᠪᠠᠨ ᠠᠪᠠᠴᠢᠬᠤ ᠪᠠᠷ ᠬᠦᠰᠡᠨ ᠬᠦᠯᠢᠶᠡᠵᠦ ᠪᠠᠶᠢᠯ᠎ᠠ᠃      ︽ᠠᠯᠠᠱᠠ ᠶᠢᠨ ᠪᠡᠯᠡᠭ ᠰᠡᠯᠲᠡ︾ ᠪᠣᠯ ᠠᠯᠠᠱᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠰᠣᠶᠣᠯ ᠵᠢᠭᠤᠯᠴᠢᠯᠠᠯ ᠤᠨ ᠲᠠᠸᠠᠷ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠵᠢᠭᠤᠯᠴᠢᠯᠠᠭᠴᠢᠳ ᠤᠨ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠶᠢᠨ ᠣᠶᠢᠯᠠᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠢᠭᠤᠯᠴᠢᠯᠠᠯ ᠤᠨ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠶᠢᠨ ᠠᠵᠤ ᠠᠬᠤᠢ ᠶᠢᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠡᠭᠦᠳᠦᠭᠰᠡᠨ ᠠᠯᠠᠱᠠ ᠶᠢᠨ ᠭᠠᠵᠠᠷ ᠣᠷᠣᠨ ᠤ ᠰᠣᠶᠣᠯ ᠤᠨ ᠥᠪᠡᠷᠮᠢᠴᠡ ᠣᠨᠴᠠᠯᠢᠭ ᠲᠠᠢ ᠰᠣᠶᠣᠯ ᠵᠢᠭᠤᠯᠴᠢᠯᠠᠯ ᠤᠨ ᠲᠠᠸᠠᠷ ᠤᠨ ᠨᠠᠷᠠᠲᠤ ᠲᠡᠮᠳᠡᠭ ᠪᠣᠯᠣᠨ᠎ᠠ᠃ ᠵᠠᠯᠭᠠᠭᠠᠳ ᠠᠯᠠᠱᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽ᠰᠣᠶᠣᠯ ᠤᠨ ᠰᠢᠨ᠎ᠡ ᠶᠢ ᠡᠭᠦᠳᠬᠦ +︾ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠡᠯ᠎ᠡ ᠬᠤᠰᠢᠭᠤᠨ ᠤ ᠭᠤᠣᠯ ᠬᠤᠲᠠ ᠪᠠᠯᠭᠠᠰᠤ ᠵᠢᠴᠢ ᠠᠯᠠᠱᠠ ᠶᠢᠨ ᠬᠦᠰᠡᠯ ᠵᠡᠭᠦᠳᠦ ᠡᠯᠡᠰᠦᠨ ᠴᠦᠯ ᠤᠨ ᠴᠡᠩᠭᠡᠯ ᠤᠨ ᠬᠦᠷᠢᠶᠡᠯᠡᠩ ᠤᠨ ᠠᠮᠠᠷᠠᠯᠲᠠ ᠶᠢᠨ ᠭᠠᠵᠠᠷ᠂ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ᠂ ᠭᠤᠣᠯᠳᠠᠯᠭ᠎ᠠ ᠲᠠᠢ A ᠳᠡᠰ ᠤᠨ ᠦᠵᠡᠮᠵᠢ ᠶᠢᠨ ᠣᠷᠣᠨ ᠵᠢᠴᠢ ᠠᠶᠢᠮᠠᠭ ᠤᠨ ᠭᠠᠳᠠᠨᠠᠬᠢ ᠴᠢᠬᠤᠯᠠ ᠵᠣᠴᠢᠳ ᠤᠨ ᠢᠷᠡᠯᠲᠡ ᠶᠢᠨ ᠭᠠᠵᠠᠷ ᠲᠤ ︽ᠠᠯᠠᠱᠠ ᠶᠢᠨ ᠪᠡᠯᠡᠭ ᠰᠡᠯᠲᠡ︾ ᠶᠢᠨ ᠪᠣᠳᠠᠲᠤ ᠴᠣᠭᠴᠠ ᠶᠢᠨ ᠳᠡᠯᠭᠡᠭᠦᠷ ᠵᠢᠴᠢ ᠲᠤᠰᠬᠠᠢ ᠯᠠᠩᠭᠦᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ ᠪᠤᠯᠤᠨ᠎ᠠ᠃ ᠵᠠᠬ᠎ᠠ ᠳᠡᠯᠭᠡᠭᠦᠷ ᠢᠶᠠᠷ ᠬᠥᠳᠡᠯᠭᠡᠭᠦᠷ ᠪᠣᠯᠭᠠᠵᠤ᠂ ᠰᠣᠶᠣᠯ ᠢᠶᠠᠷ ᠬᠤᠳᠠ ᠶᠢᠨ ᠰᠣᠶᠣᠯ ᠵᠢᠭᠤᠯᠴᠢᠯᠠᠯ ᠤᠨ ᠦᠢᠯᠡᠰ ᠢ ᠪᠠᠶᠢᠭᠤᠯᠵᠤ᠂ ︽ᠠᠯᠠᠱᠠ ᠶᠢᠨ ᠪᠡᠯᠡᠭ ᠰᠡᠯᠲᠡ︾ ᠶᠢ ᠠᠯᠠᠱᠠ ᠶᠢ ᠳᠡᠯᠭᠡᠷᠡᠭᠦᠯᠬᠦ ᠭᠤᠶᠤ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠵᠤ᠂ ᠵᠢᠭᠤᠯᠴᠢᠯᠠᠭᠴᠢᠳ ᠢ ︽ᠣᠷᠣᠵᠤ ᠢᠷᠡᠬᠦ︾ ᠶᠢᠨ ᠬᠠᠮᠲᠤ ︽ᠳᠠᠭᠠᠭᠤᠯᠤᠨ ᠭᠠᠷᠭᠠᠵᠤ︾᠂ ᠠᠯᠠᠱᠠ ᠶᠢᠨ ᠭᠠᠵᠠᠷ ᠣᠷᠣᠨ ᠤ ᠣᠨᠴᠠᠯᠢᠭ ᠢ ᠦᠷᠭᠦᠯᠵᠢᠯᠡᠨ ᠳᠡᠯᠭᠡᠨ ᠦᠵᠡᠭᠦᠯᠵᠦ᠂ ᠠᠯᠠᠱᠠ ᠶᠢᠨ ᠬᠤᠳᠠ ᠶᠢᠨ ᠰᠣᠶᠣᠯ ᠢ ᠤᠯᠠᠮᠵᠢᠯᠠᠨ᠎ᠠ᠃
 
ᠢᠷᠡᠯᠲᠡ᠄ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号