ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠠᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ ᠳᠤ ᠳᠡᠯᠭᠡᠭᠳᠡᠯ᠎ᠡ
ᠨᠡᠶᠢᠲᠡᠯᠡᠭᠰᠡᠨ ᠴᠠᠭ᠄
2023/8/26
     8 ᠳ᠋ᠤᠭᠠᠷ ᠰᠠᠷ᠎ᠠ ᠶᠢᠨ 17 ᠤ ᠡᠳᠦᠷ᠂ ᠠᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠰᠣᠶᠣᠯ ᠤᠨ ᠠᠵᠤ ᠦᠢᠯᠡᠰ ᠤᠨ ᠦᠵᠡᠰᠬᠦᠯᠡᠩ ᠵᠢᠴᠢ 2023 ᠰᠢ ᠠᠨ ᠤ ᠲᠣᠷᠭᠠᠨ ᠤ ᠵᠠᠮ ᠤᠨ ᠣᠯᠠᠨ ᠤᠯᠤᠰ ᠤᠨ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠰᠢ ᠠᠨ ᠤ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠡᠬᠢᠯᠡᠪᠡ᠃      ᠲᠤᠰ ᠤᠳᠠᠭᠠᠨ ᠤ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠨᠢ ︽ᠠᠵᠤ ᠦᠢᠯᠡᠰ ᠤᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠵᠦ᠂ ᠬᠠᠮᠵᠢᠯᠴᠠᠭᠠᠨ ᠤ ᠰᠢᠨ᠎ᠡ ᠠᠶᠠᠨ ᠵᠠᠮ ᠢ ᠨᠡᠭᠡᠭᠡᠬᠦ︾  ᠪᠠᠷ ᠭᠤᠣᠯ ᠰᠡᠳᠦᠪ ᠪᠣᠯᠭᠠᠵᠤ᠂ ᠦᠵᠡᠰᠭᠦᠯᠡᠩ᠂ ᠬᠤᠷᠠᠯ᠂ ᠶᠠᠷᠢᠶᠠᠨ ᠤ ᠲᠠᠪᠴᠠᠩ᠂ ᠵᠠᠮ ᠤᠨ ᠲᠣᠭᠯᠠᠯᠲᠠ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠲᠦᠷᠦᠯ ᠵᠦᠢᠯ᠂ ᠰᠢᠯᠢᠳᠡᠭ ᠰᠣᠶᠣᠯ ᠤᠨ ᠪᠦᠲᠦᠭᠡᠭᠳᠡᠬᠦᠨ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠰᠣᠶᠣᠯ ᠤᠨ ᠠᠵᠤ ᠦᠢᠯᠡᠰ ᠢ ᠤᠯᠤᠰ ᠠᠷᠠᠳ ᠤᠨ ᠠᠵᠤ ᠠᠬᠤᠢ ᠶᠢᠨ ᠲᠤᠯᠭᠠᠭᠤᠷᠢᠯᠠᠬᠤ ᠴᠢᠨᠠᠷᠲᠠᠢ ᠠᠵᠤ ᠦᠢᠯᠡᠰ ᠪᠣᠯᠭᠠᠬᠤ ᠶᠢ ᠠᠬᠢᠭᠤᠯᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ ᠪᠠ ᠰᠢᠨ᠎ᠡ ᠶᠢ ᠡᠭᠦᠳᠬᠦ ᠴᠢᠨᠠᠷᠲᠠᠢ ᠬᠥᠭᠵᠢᠭᠦᠯᠬᠦ ᠶᠢ ᠪᠡᠶᠡᠯᠡᠬᠦᠯᠬᠦ ᠶᠢ ᠵᠤᠷᠢᠪᠠ᠃      ᠲᠤᠰ ᠤᠳᠠᠭ᠎ᠠ ᠶᠢᠨ ᠦᠵᠡᠰᠬᠦᠯᠡᠩ ᠳᠤ᠂ ᠥᠪᠥᠷ ᠮᠣᠩᠭᠤᠯ ᠤᠨ ᠬᠢᠨ ᠦᠵᠡᠰᠬᠦᠯᠡᠩ ᠤᠨ ᠣᠷᠣᠨ ᠪᠦᠰᠡ ᠶᠢᠨ ᠴᠢᠨᠠᠷᠲᠠᠢ ᠰᠣᠯᠢᠯᠴᠠᠭ᠎ᠠ ᠪᠣᠯᠣᠨ ᠲᠤᠰᠬᠠᠢ ᠮᠡᠷᠭᠡᠵᠢᠯ ᠤᠨ ᠴᠢᠨᠠᠷᠲᠠᠢ ᠬᠠᠮᠲᠤᠷᠠᠯᠴᠠᠭᠠᠨ ᠤ ᠲᠠᠪᠴᠠᠩ ᠢ ᠠᠰᠢᠭᠯᠠᠵᠤ᠂ 10 ᠭᠠᠷᠤᠢ ᠠᠵᠤ ᠠᠬᠤᠶᠢᠯᠠᠯ ᠢ ᠨᠢᠮᠪᠠᠢ ᠵᠣᠬᠢᠶᠠᠨ ᠪᠠᠶᠢᠭᠤᠯᠵᠤ᠂ 50 ᠭᠠᠷᠤᠢ ᠲᠦᠷᠦᠯ ᠤᠨ ᠦᠵᠡᠮᠦᠷᠢ ᠶᠢ ᠦᠵᠡᠰᠬᠦᠯᠡᠩ ᠳᠤ ᠣᠷᠤᠯᠴᠠᠭᠤᠯᠪᠠ᠂ ᠦᠵᠡᠰᠬᠦᠯᠡᠩ ᠤᠨ ᠴᠤᠭᠯᠠᠭᠠᠨ ᠨᠢ ᠪᠤᠳᠠᠰ ᠤᠨ ᠪᠤᠰᠤ ᠰᠣᠶᠣᠯ ᠤᠨ ᠦᠪ ᠤᠨ ᠦᠪᠯᠡᠨ ᠤᠯᠠᠮᠵᠢᠯᠠᠭ᠎ᠠ᠂ ᠲᠠᠸᠠᠷ᠂ ᠰᠣᠶᠣᠯ ᠤᠨ ᠡᠭᠦᠳᠦᠯᠲᠡ ᠶᠢᠨ ᠲᠠᠸᠠᠷ᠂ ᠤᠯᠠᠮᠵᠢᠯᠠᠯᠲᠤ ᠢᠳᠡᠭᠡᠨ ᠪᠣᠯᠣᠨ ᠪᠣᠬᠢᠷᠲᠤᠯ ᠦᠭᠡᠢ ᠲᠠᠷᠢᠶᠠᠯᠠᠩ ᠳᠤ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠵᠡᠷᠭᠡ ᠶᠢ ᠬᠠᠮᠤᠷᠴᠤ᠂ ᠳᠡᠯᠭᠡᠨ ᠪᠣᠷᠣᠯᠠᠭᠤᠯᠬᠤ ᠶᠢ ᠤᠶᠠᠯᠳᠤᠭᠤᠯᠬᠤ ᠵᠡᠷᠭᠡ ᠬᠡᠯᠪᠡᠷᠢ ᠪᠠᠷ ᠥᠪᠥᠷ ᠮᠣᠩᠭᠤᠯ ᠤᠨ ᠰᠣᠶᠣᠯ ᠤᠨ ᠷᠢᠳᠢ ᠰᠢᠳᠢ ᠪᠣᠯᠣᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠡᠢ᠃      ᠦᠵᠡᠰᠭᠦᠯᠡᠩ ᠤᠨ ᠴᠤᠭᠯᠠᠭᠠᠨ ᠤ ᠡᠬᠢᠨ ᠤ ᠡᠳᠦᠷ᠂ ᠥᠪᠥᠷ ᠮᠣᠩᠭᠤᠯ ᠤᠨ ᠦᠵᠡᠭᠦᠯᠭᠡ ᠶᠢᠨ ᠲᠠᠪᠴᠠᠩ  ᠲᠤ ᠬᠦᠮᠦᠰ ᠬᠤᠶᠢᠨ᠎ᠠ ᠬᠤᠶᠢᠨ᠎ᠠ ᠠᠴᠠ ᠪᠠᠨ ᠴᠤᠪᠤᠷᠠᠯᠳᠤᠨ᠂ ᠮᠣᠷᠢᠨ ᠬᠤᠭᠤᠷ ᠤᠨ ᠲᠣᠭᠯᠠᠯᠲᠠ ᠶᠢ ᠰᠣᠨᠢᠷᠬᠠᠬᠤ ᠪᠠᠷ ᠢᠷᠡᠭᠰᠡᠨ ᠵᠢᠭᠤᠯᠴᠢᠯᠠᠭᠴᠢᠳ ᠨᠡᠩ ᠣᠯᠠᠰᠢᠷᠠᠭᠰᠠᠨ ᠪᠦᠭᠡᠳ ᠢᠳᠡᠭᠡᠨ ᠤᠮᠳᠠᠭᠠᠨ ᠤ ᠦᠢᠯᠡᠰ ᠤᠨ ᠲᠣᠭᠤᠷᠢᠭ ᠲᠤ ᠠᠮᠳᠠᠯᠠᠬᠤ ᠪᠠᠷ ᠢᠷᠡᠭᠰᠡᠨ ᠵᠢᠭᠤᠯᠴᠢᠯᠠᠭᠴᠢᠳ ᠬᠦᠷ ᠨᠠᠷᠬᠢᠶᠠᠨ ᠲᠦᠭᠦᠷᠡᠩ ᠪᠠᠶᠢᠵᠤ᠂ ᠠᠷᠠᠯᠵᠢᠶᠠᠴᠢᠳ ᠲᠠᠰᠤᠷᠠᠯᠳᠠ ᠦᠭᠡᠢ ᠢᠷᠡᠵᠦ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠲᠠᠢ ᠯᠠᠪᠯᠠᠨ  ᠠᠰᠠᠭᠤᠵᠤ ᠵᠦᠪᠳᠡᠯᠴᠡᠵᠦ ᠪᠠᠶᠢᠯ᠎ᠠ᠃ ᠲᠤᠬᠠᠢ ᠶᠢᠨ ᠡᠳᠦᠷ ᠲᠤ᠂ ᠦᠵᠡᠭᠦᠯᠭᠡ ᠶᠢᠨ ᠳᠠᠪᠴᠠᠩ ᠤᠨ ᠲᠤᠬᠠᠢ ᠶᠢᠨ ᠲᠠᠯᠠᠪᠤᠷ ᠲᠤ 7 ᠲᠦᠮᠡ ᠭᠠᠷᠤᠢ ᠲᠥᠭᠦᠷᠢᠭ ᠤᠨ ᠪᠦᠲᠦᠭᠡᠭᠳᠡᠬᠦᠨ ᠪᠤᠷᠤᠯᠠᠭᠤᠯᠵᠤ᠂ 10 ᠭᠠᠷᠤᠢ ᠰᠠᠨᠠᠮᠵᠢ ᠶᠢᠨ ᠴᠢᠨᠠᠷᠲᠠᠢ ᠵᠠᠬᠢᠶᠠᠯᠠᠭ᠎ᠠ ᠶᠢᠨ ᠬᠠᠭᠤᠳᠠᠰᠤ ᠲᠣᠬᠢᠷᠠᠵᠤ᠂ 2000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号