︽ᠤᠷᠢ ᠵᠠᠯᠠᠭᠤ ᠤᠯᠠᠭᠠᠨᠬᠠᠳᠠ · ᠪᠣᠬᠢᠷᠲᠤᠯ ᠦᠭᠡᠢ ᠪᠤᠯᠵᠤᠭ᠎ᠠ︾ ᠤᠯᠠᠭᠠᠨᠬᠠᠳᠠ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠬᠤᠩ ᠱᠠᠨ ᠰᠣᠶᠣᠯ ᠵᠢᠭᠤᠯᠴᠢᠯᠠᠯ ᠤᠨ ᠨᠠᠶᠢᠷ ᠡᠬᠢᠯᠡᠬᠦ ᠪᠣᠯᠣᠯ᠎ᠠ︕
ᠨᠡᠶᠢᠲᠡᠯᠡᠭᠰᠡᠨ ᠴᠠᠭ᠄
2023/8/26
    ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠳᠡᠯᠭᠡᠨ ᠦᠵᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠤᠩ ᠱᠠᠨ ᠰᠣᠶᠣᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠤᠩ ᠱᠠᠨ ᠰᠣᠶᠣᠯ ᠢ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠪᠠ ᠣᠷᠣᠨ ᠪᠦᠰᠡ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠡᠭᠦᠳᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠴᠢᠨᠠᠷ ᠰᠠᠶᠢᠲᠠᠢ ᠬᠥᠭᠵᠢᠭᠦᠯᠬᠦ ᠶᠢ ᠲᠦᠯᠬᠢᠨ ᠠᠬᠢᠭᠤᠯᠬᠤ ᠶᠢᠨ ᠲᠥᠯᠥᠭᠡ᠂ ᠤᠯᠠᠭᠠᠨᠬᠠᠳᠠ ᠬᠤᠲᠠ ᠠᠷᠪᠠᠨ ᠵᠢᠷᠭᠤᠳᠤᠭᠠᠷ ᠬᠤᠭᠤᠴᠠᠭᠠᠨ ᠤ ᠬᠤᠩ ᠱᠠᠨ ᠰᠣᠶᠣᠯ ᠵᠢᠭᠤᠯᠴᠢᠯᠠᠯ ᠤᠨ ᠨᠠᠶᠢᠷ ᠢ ᠡᠷᠭᠢᠯᠡᠬᠦ ᠪᠠᠷ ᠪᠣᠶ᠃      ᠲᠤᠰ ᠬᠤᠭᠤᠴᠠᠭᠠᠨ ᠤ ᠬᠤᠩ ᠱᠠᠨ ᠰᠣᠶᠣᠯ ᠵᠢᠭᠤᠯᠴᠢᠯᠠᠯ ᠤᠨ ᠨᠠᠶᠢᠷ ᠨᠢ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ︾ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶ᠎ᠠ᠂ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶ᠎ᠠ ᠶᠢᠨ ᠤᠬᠠᠭᠤᠯᠬᠤ ᠬᠡᠯᠲᠡᠰ᠂ ᠤᠯᠠᠭᠠᠨᠬᠠᠳᠠ ᠬᠤᠳᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠳᠠᠭᠠᠭᠠᠴᠢᠯᠠᠨ ᠡᠷᠬᠢᠯᠡᠵᠦ᠂ 8 ᠳ᠋ᠤᠭᠠᠷ ᠰᠠᠷ᠎ᠠ ᠶᠢᠨ 18 ᠤ ᠣᠷᠣᠢ ᠶᠢᠨ 7᠄ 30 ᠲᠤ ᠰᠢᠨ᠎ᠡ ᠬᠤᠳᠠ ᠲᠣᠭᠤᠷᠢᠭ ᠤᠨ ᠢᠦᠢ ᠯᠦᠩ ᠠᠭᠤᠳᠠᠮ ᠲᠠᠯᠠᠪᠠᠢ ᠳᠤ ᠡᠬᠢᠯᠡᠵᠦ᠂ ᠨᠡᠶᠢᠲᠡ 14 ᠲᠠᠯᠠᠪᠠᠢ ᠲᠣᠭᠯᠠᠯᠲᠠ ᠭᠠᠷᠭᠠᠵᠤ᠂ 14 ᠡᠳᠦᠷ ᠲᠣᠭᠯᠠᠬᠤ ᠪᠠᠷ ᠪᠤᠢ᠃      ᠬᠤᠩ ᠱᠠᠨ ᠤ ᠰᠣᠶᠣᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠪᠡᠨ ᠵᠦᠭ ᠤᠨ ᠵᠣᠴᠢᠳ ᠨᠠᠶᠢᠵᠠ ᠨᠠᠷ ᠢ ᠥᠷᠭᠡᠨ ᠢᠶᠠᠷ ᠤᠷᠢᠪᠠ᠃ ᠠᠷᠪᠠᠨ ᠵᠢᠷᠭᠤᠳᠤᠭᠠᠷ ᠬᠤᠭᠤᠴᠠᠭᠠᠨ ᠤ ᠬᠤᠩ ᠱᠠᠨ ᠰᠣᠶᠣᠯ ᠵᠢᠭᠤᠯᠴᠢᠯᠠᠯ ᠤᠨ ᠨᠠᠶᠢᠷ ᠪᠣᠯ ᠤᠯᠠᠭᠠᠨᠬᠠᠳᠠ ᠶᠢᠨ ᠰᠣᠳᠣᠨ ᠪᠦᠲᠦᠭᠡᠯ ᠤᠨ ᠲᠥᠪᠯᠡᠷᠡᠩᠭᠦᠢ ᠦᠵᠡᠭᠦᠯᠭᠡ ᠪᠣᠯᠬᠤ ᠪᠥᠭᠡᠳ ᠤᠯᠠᠭᠠᠨᠬᠠᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠬᠠᠭᠤᠯᠭ᠎ᠠ ᠲᠠᠨᠢᠯᠴᠠᠭᠤᠯᠭ᠎ᠠ ᠪᠣᠯᠣᠨ᠎ᠠ᠃ ᠲᠠᠯᠠᠪᠤᠷ ᠪᠦᠷᠢ ᠶᠢᠨ ᠲᠣᠭᠯᠠᠯᠲᠠ ᠶᠢ ᠴᠥᠮ ᠪᠢᠯᠧᠲ ᠠᠪᠬᠤ ᠦᠭᠡᠢ ᠪᠠᠷ ᠥᠷᠭᠡᠨ ᠤᠯᠠᠨ ᠬᠤᠳᠠ ᠶᠢᠨ ᠠᠷᠠᠳ ᠲᠤ ᠦᠵᠡᠭᠦᠯᠦᠨ᠎ᠡ᠃ ᠲᠤᠬᠠᠢ ᠶᠢᠨ ᠦᠶ᠎ᠡ ᠳᠤ᠂ ᠰᠣᠶᠣᠯ ᠵᠢᠭᠤᠯᠴᠢᠯᠠᠯ ᠤᠨ ᠨᠠᠶᠢᠷ ᠨᠢ ᠤᠯᠠᠭᠠᠨᠬᠠᠳᠠ ᠶᠢᠨ ᠵᠢᠭᠤᠯᠴᠢᠯᠠᠯ ᠤᠨ ᠰᠢᠨ᠎ᠡ ᠴᠤᠭ ᠵᠢᠪᠬᠤᠭ᠎ᠠ ᠶᠢ ᠭᠦᠢᠴᠡᠳ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠦᠬᠦ ᠬᠤᠳᠠ ᠶᠢᠨ ᠠᠷᠠᠳ ᠲᠦᠮᠡᠨ ᠳᠤ ᠭᠤᠶᠤ ᠰᠠᠶᠢᠬᠠᠨ ᠦᠵᠡᠵᠦ ᠰᠣᠨᠣᠰᠬᠤ ᠦᠪᠡᠳᠡᠭᠰᠢ ᠳᠠᠶᠢᠯᠠᠯᠭ᠎ᠠ ᠨᠤᠭᠤᠳ ᠢ ᠳᠡᠯᠭᠡᠨ ᠦᠵᠡᠭᠦᠯᠬᠦ ᠪᠣᠯᠣᠨ᠎ᠠ᠃  ᠲᠠ ᠨᠠᠷ ᠤᠨ ᠬᠦᠷᠦᠯᠴᠡᠨ ᠢᠷᠡᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号