8 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ︽ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠵᠤ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ | ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠶ᠎ᠠ︾ ᠭᠡᠬᠦ ᠭᠤᠣᠯ ᠰᠡᠳᠦᠪᠲᠦ ᠰᠣᠨᠢᠨ ᠮᠡᠳᠡᠭᠡ | ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠵᠠᠩ ᠸᠧᠨ | ᠵᠢᠶᠦ᠋ᠨ ᠶᠡᠷᠦᠩᠬᠡᠢ ᠳᠤ ᠨᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠤᠨ ᠬᠠᠮᠢᠶ᠎ᠠ ᠪᠦᠬᠦᠢ ᠭᠠᠵᠠᠷ ᠭᠡᠷ ᠤᠨ ᠬᠠᠷᠢᠭᠤᠴᠠᠯᠭᠠᠲᠠᠨ ᠨᠥᠬᠦᠳ ᠴᠢᠨᠠᠷ ᠰᠠᠶᠢᠲᠠᠢ ᠬᠥᠭᠵᠢᠯᠲᠡ ᠶᠢᠨ | ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠠᠨᠢᠯᠴᠠᠭᠤᠯᠤᠭᠰᠠᠨ ᠢᠶᠠᠷ᠂ ᠡᠨᠡ ᠵᠢᠯ ᠠᠴᠠ ᠨᠠᠭᠠᠰᠢ᠂ ᠥᠪᠡᠷᠲᠡᠭᠡᠨ | ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ | ᠠᠩᠬᠠᠷᠤᠯ ᠢᠶᠠᠨ ᠬᠠᠨᠳᠤᠭᠤᠯᠤᠨ ᠬᠦᠴᠦ ᠪᠠᠨ ᠲᠥᠪᠯᠡᠷᠡᠭᠦᠯᠵᠦ᠂ ᠠᠯᠢ ᠣᠯᠠᠨ ᠠᠰᠢᠭᠲᠠᠢ ᠲᠥᠷᠥ ᠶᠢᠨ ᠪᠣᠳᠣᠯᠭ᠎ᠠ᠂ | ᠴᠢᠨᠠᠷ ᠰᠠᠶᠢᠲᠠᠢ ᠦᠢᠯᠡᠳᠬᠦᠨ᠂ ᠲᠠᠩᠰᠤᠭ ᠰᠠᠶᠢᠬᠠᠨ ᠠᠵᠢᠯᠯᠠᠭ᠎ᠠ ᠶᠢᠨ ᠳᠡᠮᠵᠢᠯᠭᠡ ᠪᠠᠷ᠂ ᠪᠥᠬᠦ ᠣᠷᠣᠨ ᠤ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠲᠦᠷᠭᠡᠨ ᠬᠥᠭᠵᠢᠵᠦ᠂ ᠡᠷᠴᠢᠮᠲᠡᠢ ᠰᠡᠷᠭᠦᠯᠲᠡ ᠶᠢ | ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠲᠦᠷᠭᠡᠨ ᠢᠶᠠᠷ ᠥᠪᠡᠷᠮᠢᠴᠡ | ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠲᠦᠷᠦᠭᠦᠸ ᠬᠠᠭᠠᠰ | ᠵᠢᠯ ᠳᠤ ᠪᠥᠬᠦ ᠣᠷᠣᠨ ᠳᠤ 9185 ᠲᠦᠮᠡᠨ ᠬᠥᠮᠥᠨ ᠤᠳᠠᠭ᠎ᠠ ᠤᠯᠤᠰ ᠤᠨ ᠳᠣᠲᠣᠭᠠᠳᠤ ᠶᠢᠨ | ᠵᠢᠭᠤᠯᠴᠢᠯᠠᠭᠴᠢᠳ ᠢ ᠭᠥᠯᠢᠶᠡᠨ ᠠᠪᠴᠤ᠂ 1185 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ | ᠪᠡᠶᠡᠯᠡᠭᠦᠯᠵᠦ᠂ ᠲᠣᠰ ᠲᠣᠰ 2022 ᠣᠨ ᠤ ᠠᠳᠠᠯᠢ ᠬᠤᠭᠤᠴᠠᠭᠠᠨ ᠤ ᠬᠢ ᠠᠴᠠ 2.55᠂ 3 ᠳᠠᠬᠢᠨ ᠪᠣᠯᠵᠠᠢ᠃ | ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠲᠠᠨᠢᠯᠴᠠᠭᠤᠯᠬᠤ ᠳᠤ ᠪᠠᠨ᠂ ᠥᠷᠭᠡᠨ ᠣᠯᠠᠨ | ᠵᠢᠭᠤᠯᠴᠢᠯᠠᠭᠴᠢᠳ ᠤᠨ ᠰᠡᠯᠡᠭᠦᠴᠡᠨ ᠠᠮᠠᠷᠠᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠪᠥᠬᠦ ᠣᠷᠣᠨ ᠤ ᠰᠣᠶᠣᠯ | ᠵᠢᠭᠤᠯᠴᠢᠯᠠᠯ ᠤᠨ ᠰᠢᠰᠲ᠋ᠧᠮ ᠤᠨ ᠬᠢᠨ ᠬᠤᠪᠢ ᠶᠢᠨ ᠮᠠᠰᠢᠨ ᠲᠡᠷᠭᠡᠨ ᠤ ᠪᠠᠭᠤᠴᠠ᠂ ᠠᠮᠠᠷᠠᠯᠲᠠ ᠶᠢᠨ ᠣᠷᠣᠨ᠂ | ᠬᠡᠭᠡᠷ᠎ᠡ ᠪᠠᠭᠤᠳᠠᠯᠯᠠᠬᠤ ᠭᠠᠵᠠᠷ᠂ ᠡᠷᠡᠭᠦᠯ ᠮᠡᠨᠳᠦ ᠶᠢᠨ ᠰᠤᠪᠢᠯᠠᠯᠲᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠠᠢ᠃ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ | ᠠᠭᠤᠰᠤᠯᠴᠠᠭᠰᠠᠨ ᠵᠢᠭᠤᠯᠴᠢᠯᠠᠯ ᠤᠨ ᠲᠦᠷᠦᠯ ᠵᠦᠢᠯ ᠢ ᠴᠢᠩᠭᠠᠳᠬᠠᠵᠤ᠂ ᠣᠷᠣᠨ ᠤ ᠳᠣᠲᠣᠷᠠᠬᠢ 2 ᠲᠠᠯ᠎ᠠ | ᠨᠤᠲᠤᠭ ᠢ ᠤᠯᠤᠰ ᠤᠨ ᠲᠡᠰ ᠤᠨ ︽ᠬᠤᠪᠢᠰᠬᠠᠯᠲᠤ ᠲᠠᠯ᠎ᠠ ᠨᠤᠲᠤᠭ︾ ᠤᠨ ᠨᠡᠷᠡᠰ ᠲᠤ ᠣᠷᠣᠭᠤᠯᠵᠤ᠂ ︽ | ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠭᠤᠣᠯ ᠰᠡᠳᠦᠪᠲᠦ ᠰᠣᠳᠣᠨ ᠵᠢᠭᠤᠯᠴᠢᠯᠠᠯ ᠤᠨ ᠱᠤᠭᠤᠮ︾ ᠢ | 10 ᠭᠠᠷᠭᠠᠵᠤ᠂ ︽ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ ᠤᠨ ᠪᠣᠳᠠᠰ ᠤᠨ ᠪᠤᠰᠤ | ᠰᠣᠶᠣᠯ ᠤᠨ ᠥᠪ ᠤᠨ ᠰᠠᠯᠪᠤᠷᠢ ᠱᠤᠭᠤᠮ︾ ᠢ ᠪᠦᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ 10 | ᠭᠤᠣᠯ ᠰᠡᠳᠦᠪᠲᠦ ᠰᠣᠳᠣᠨ ᠵᠢᠭᠤᠯᠴᠢᠯᠠᠯ ᠤᠨ ᠱᠤᠭᠤᠮ ᠳᠤ ᠣᠷᠣᠭᠤᠯᠪᠠ᠃ ᠪᠣᠭᠤᠮᠲᠠ ᠶᠢᠨ ᠭᠠᠵᠠᠷ ᠣᠷᠣᠨ ᠤ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠨᠢ ᠮᠠᠨᠵᠤᠤᠷ᠂ ᠡᠷᠢᠶᠡᠨ ᠬᠤᠲᠠ᠂ ᠷᠠᠰᠢᠶᠠᠨ ᠪᠣᠭᠤᠮᠲᠠ ᠶᠢᠨ ᠭᠠᠵᠠᠷ ᠣᠷᠣᠨ ᠤ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠰᠢᠨ᠎ᠡ ᠶᠢ ᠡᠭᠦᠳᠦᠨ ᠠᠬᠢᠭᠤᠯᠪᠠ᠃ ᠮᠠᠨᠵᠤᠤᠷ ᠭᠤᠣᠯᠳᠠᠭᠤ | ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠤ ᠲᠡᠰ ᠳᠡᠪᠰᠢᠬᠦ ᠶᠢ ᠠᠬᠢᠭᠤᠯᠤᠨ᠎ᠠ︔ ᠷᠠᠰᠢᠶᠠᠨ | ᠭᠤᠣᠯᠳᠠᠭᠤ ᠰᠡᠯᠡᠭᠦᠴᠡᠯ ᠠᠮᠠᠷᠠᠯᠲᠠ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︔ ᠡᠷᠢᠶᠡᠨ | ᠬᠤᠲᠠ ᠭᠤᠣᠯᠳᠠᠭᠤ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠢ ᠡᠭᠦᠳᠦᠨ ᠪᠠᠶᠢᠭᠤᠯᠬᠤ | ᠠᠵᠢᠯ ᠲᠠᠢ ᠤᠶᠠᠯᠳᠤᠭᠤᠯᠤᠨ ᠮᠣᠩᠭᠤᠯ ᠯᠤᠭ᠎ᠠ ᠶᠢᠨ ᠬᠠᠮᠲᠤᠷᠠᠯᠴᠠᠭᠠᠨ ᠤ ᠵᠦᠢᠯᠡᠰ ᠢ ᠠᠬᠢᠭᠤᠯᠤᠨ᠎ᠠ᠃ ᠡᠭᠦᠨ ᠠᠴᠠ | ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠰᠣᠶᠣᠯ ᠵᠢᠭᠤᠯᠴᠢᠯᠠᠯ ᠤᠨ | ᠬᠦᠷᠢᠶᠡᠨ ᠳᠤ ᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ᠂ | ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ᠂ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠳᠤ ᠬᠦᠴᠦᠲᠡᠢ ᠴᠣᠬᠢᠯᠲᠠ ᠥᠭᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ | ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ | ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠵᠢᠭᠤᠯᠴᠢᠯᠠᠭᠴᠢᠳ ᠤᠨ ᠡᠷᠬᠡ ᠠᠰᠢᠭ ᠢ ᠦᠨᠡᠨ ᠬᠦ ᠪᠠᠲᠤᠯᠠᠨ᠎ᠠ᠃ |