ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠤᠨ ᠰᠢᠯᠭᠠᠷᠠᠭᠤᠯᠤᠯᠲᠠ ᠳᠤ ᠣᠷᠣᠯᠴᠠᠬᠤ ᠲᠥᠷᠥᠯ ᠵᠦᠢᠯ ᠢ ᠵᠠᠷᠯᠠᠨ ᠨᠡᠶᠢᠲᠡᠯᠡᠬᠦ ᠲᠤᠬᠠᠢ
ᠨᠡᠶᠢᠲᠡᠯᠡᠭᠰᠡᠨ ᠴᠠᠭ᠄
2023/8/26
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠲᠤᠰᠬᠠᠢ ᠠᠰᠢᠭ ᠤᠨ ᠱᠠᠩᠨᠠᠯ ᠤᠨ ᠰᠢᠯᠭᠠᠷᠠᠭᠤᠯᠤᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠠᠶᠢᠮᠠᠭ ᠬᠤᠲᠠ ᠶᠢᠨ ᠲᠠᠨᠢᠯᠴᠠᠭᠤᠯᠭ᠎ᠠ ᠪᠠᠷ ᠳᠡᠮᠵᠢᠨ᠂ ᠮᠠᠨ ᠤ ᠲᠢᠩᠬᠢᠮ ᠬᠢᠨᠠᠮᠠᠭᠠᠢ ᠬᠢᠨᠠᠨ ᠬᠠᠷᠭᠤᠭᠤᠯᠤᠭᠠᠳ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠲᠤᠰᠬᠠᠢ ᠠᠰᠢᠭ ᠤᠨ ᠱᠠᠩᠨᠠᠯ ᠤᠨ ᠰᠢᠯᠭᠠᠷᠠᠭᠤᠯᠤᠯᠲᠠ ᠳᠤ ᠤᠷᠤᠯᠴᠠᠬᠤ ᠲᠦᠷᠦᠯ ᠵᠦᠢᠯ ᠤᠨ ᠨᠡᠷᠡᠰ ᠢ ᠵᠠᠷᠯᠠᠨ ᠨᠡᠶᠢᠲᠡᠯᠡᠶ᠎ᠡ᠃ᠨᠢᠭᠡ᠂ ᠢᠯᠡ ᠨᠡᠶᠢᠲᠡᠯᠡᠬᠦ ᠴᠠᠭ2023 ᠣᠨ ᠤ 8 ᠳ᠋ᠤᠭᠠᠷ ᠰᠠᠷ᠎ᠠ ᠶᠢᠨ 15 ᠤ ᠡᠳᠦᠷ ᠠᠴᠠ 8 ᠳ᠋ᠤᠭᠠᠷ ᠰᠠᠷ᠎ᠠ ᠶᠢᠨ 18 ᠤ ᠡᠳᠦᠷ ᠪᠣᠯᠲᠠᠯ᠎ᠠ᠂ ᠨᠡᠶᠢᠲᠡ 3 ᠡᠳᠦᠷ ᠪᠣᠯᠣᠨ᠎ᠠ᠃ᠬᠤᠶᠠᠷ᠂ ᠢᠯᠡ ᠨᠡᠶᠢᠲᠡᠯᠡᠬᠦ ᠡᠲᠡᠭᠡᠳ1.ᠲᠤᠰᠬᠠᠢ ᠠᠰᠢᠭ ᠤᠨ ᠨᠣᠮᠧᠷ᠄ ZL 2015 3 006 5522.5ᠲᠤᠰᠬᠠᠢ ᠠᠰᠢᠭ ᠤᠨ ᠨᠡᠷᠡᠶᠢᠳᠦᠯ᠄ ᠲᠠᠯ᠎ᠠ ᠨᠤᠲᠤᠭ ᠤᠨ ᠬᠡᠦᠬᠡᠳᠲᠤᠰᠬᠠᠢ ᠠᠰᠢᠭ ᠤᠨ ᠡᠷᠬᠡᠲᠦ ᠬᠥᠮᠥᠨ᠄ ᠥᠪᠥᠷ ᠮᠣᠩᠭᠤᠯ ᠤᠨ ᠭᠤᠯᠤᠮᠲᠠ ᠰᠣᠶᠣᠯ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ2.ᠲᠤᠰᠬᠠᠢ ᠠᠰᠢᠭ ᠤᠨ ᠨᠣᠮᠧᠷ᠄ ZL 2021 3 0278670.0ᠲᠤᠰᠬᠠᠢ ᠠᠰᠢᠭ ᠤᠨ ᠨᠡᠷᠡᠶᠢᠳᠦᠯ᠄ ᠴᠣᠮᠣ ︵ᠳᠥᠷᠪᠡᠨ ᠤᠯᠠᠷᠢᠯ ᠤᠨ ᠴᠣᠮᠣ︶ᠲᠤᠰᠬᠠᠢ ᠠᠰᠢᠭ ᠤᠨ ᠡᠷᠬᠡᠲᠦ ᠬᠥᠮᠥᠨ᠄ ᠪᠤᠭᠤᠲᠤ ᠶᠢᠨ ᠵᠥᠩ ᠺᠧ ᠸᠠᠭᠠᠷ ᠱᠠᠭᠠᠵᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢᠭᠤᠷᠪᠠ᠂ ᠵᠠᠷᠯᠠᠨ ᠨᠡᠶᠢᠲᠡᠯᠡᠬᠦ ᠱᠠᠭᠠᠷᠳᠠᠯᠭ᠎ᠠᠵᠠᠷᠯᠠᠨ ᠨᠡᠶᠢᠲᠡᠯᠡᠬᠦ ᠬᠤᠭᠤᠴᠠᠭᠠᠨ ᠳᠤ᠂ ᠵᠠᠷᠯᠠᠨ ᠨᠡᠶᠢᠲᠡᠯᠡᠬᠦ ᠡᠲᠡᠭᠡᠳ ᠲᠤ ᠣᠨᠳᠣᠣ ᠰᠠᠨᠠᠯ ᠲᠠᠢ ᠨᠢᠭᠡᠴᠢ᠂ ᠬᠤᠪᠢ ᠬᠥᠮᠥᠨ ᠴᠥᠮ ᠪᠢᠴᠢᠭ ᠤᠨ ᠬᠡᠯᠪᠡᠷᠢ ᠪᠠᠷ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠲᠤᠰᠬᠠᠵᠤ ᠪᠣᠯᠣᠨ᠎ᠠ᠃ ᠲᠤᠰᠬᠠᠬᠤ ᠳᠤ ᠪᠠᠨ ᠦᠨᠡᠨ ᠠᠴᠠ ᠵᠥᠪ ᠢ ᠡᠷᠢᠬᠦ ᠬᠡᠷᠡᠭᠲᠡᠢ ᠪᠥᠭᠡᠳ ᠲᠤᠰᠬᠠᠭᠰᠠᠨ ᠠᠰᠠᠭᠤᠳᠠᠯ ᠤᠨ ᠢᠶᠠᠨ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠢ᠃ ᠨᠢᠭᠡᠴᠢ ᠶᠢᠨ ᠨᠡᠷ᠎ᠡ ᠪᠠᠷ ᠲᠤᠰᠬᠠᠭᠰᠠᠨ ᠪᠠᠶᠢᠪᠠᠯ᠂ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ︔ ᠬᠤᠪᠢ ᠬᠥᠮᠥᠨ ᠤ ᠨᠡᠷ᠎ᠡ ᠪᠠᠷ ᠲᠤᠰᠬᠠᠭᠰᠠᠨ ᠪᠠᠶᠢᠪᠠᠯ᠂ ᠦᠨᠡᠨ ᠪᠣᠳᠠᠲᠠᠢ ᠣᠪᠣᠭ ᠨᠡᠷ᠎ᠡ᠂ ᠠᠵᠢᠯᠯᠠᠵᠤ ᠪᠠᠶᠢᠭ᠎ᠠ ᠨᠢᠭᠡᠴᠢ᠂ ᠬᠠᠷᠢᠯᠴᠠᠬᠤ ᠬᠠᠶ᠋ᠢᠭ ᠵᠢᠴᠢ ᠬᠠᠷᠢᠯᠴᠠᠬᠤ ᠠᠷᠭ᠎ᠠ ᠮᠠᠶ᠋ᠢᠭ ᠢᠶᠠᠨ ᠪᠢᠴᠢᠵᠦ᠂ ᠬᠤᠯᠪᠣᠭᠳᠠᠯ ᠪᠦᠬᠦᠢ ᠪᠠᠶᠢᠳᠠᠯ ᠢ ᠬᠢᠨᠠᠨ ᠬᠠᠷᠭᠤᠭᠤᠯᠵᠤ ᠣᠶᠢᠯᠠᠭᠠᠬᠤ ᠳᠤ ᠳᠦᠭᠦᠮ ᠪᠣᠯᠭᠠᠬᠤ ᠬᠡᠷᠡᠭᠲᠡᠢ᠃ᠬᠠᠷᠢᠯᠴᠠᠬᠤ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠭᠠᠵᠠᠷᠬᠠᠷᠢᠯᠴᠠᠬᠤ ᠤᠲᠠᠰᠤ᠄ 0471-6946660ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 32 ᠳ᠋ᠤᠭᠠᠷ ᠨᠣᠮᠧᠷᠰᠢᠤᠳᠠᠨ ᠳ᠋ᠤᠭᠠᠷ᠄ 010020                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ                                  2023 ᠣᠨ ᠤ 8 ᠳ᠋ᠤᠭᠠᠷ ᠰᠠᠷ᠎ᠠ ᠶᠢᠨ 15 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号