ᠥᠪᠥᠷ ᠮᠣᠩᠭᠤᠯ ᠤᠨ ᠬᠢᠩᠭᠠᠨ ᠠᠶᠢᠮᠠᠭ᠄ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠢᠯᠡᠳᠲᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2023/8/29
   ︽13 · 5︾ ᠠᠴᠠ ᠨᠠᠭᠠᠰᠢ᠂ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠨᠢ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ ᠨᠢᠭᠡ ᠳᠤ᠂ ᠪᠠᠭᠰᠢ ᠶᠢᠨ ᠪᠣᠯᠪᠠᠰᠤᠷᠠᠯ ᠢ ᠪᠣᠳᠠᠲᠠᠢ ᠠᠳᠬᠤᠪᠠ᠃ 2018 ᠣᠨ ᠠᠴᠠ ᠨᠠᠭᠠᠰᠢ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠪᠣᠯᠪᠠᠰᠤᠷᠠᠯ ᠢ ᠨᠡᠶᠢᠲᠡ 1628 ᠲᠠᠯᠠᠪᠤᠷ ᠵᠣᠬᠢᠶᠠᠨ ᠪᠠᠶᠢᠭᠤᠯᠵᠤ᠂ ᠠᠰᠢᠭ ᠭᠥᠷᠳᠡᠭᠰᠡᠨ ᠪᠠᠭᠰᠢ ᠨᠢ ᠨᠡᠶᠢᠲᠡ 16700 ᠭᠠᠷᠤᠢ ᠬᠥᠮᠥᠨ ᠤᠳᠠᠭ᠎ᠠ ᠳᠤ ᠬᠥᠷᠪᠡ︔ ᠪᠡᠭᠡᠵᠢᠩ ᠬᠤᠳᠠ ᠨᠡᠶᠢᠳᠡ 445 ᠰᠢᠯᠢᠳᠡᠭ ᠪᠠᠭᠰᠢ ᠶᠢ ᠬᠠᠪᠰᠤᠷᠤᠨ ᠲᠡᠳᠬᠦᠬᠦ ᠭᠠᠵᠠᠷ ᠣᠷᠣᠨ ᠳᠤ ᠣᠴᠢᠭᠤᠯᠤᠨ ᠰᠤᠷᠭᠠᠨ ᠬᠥᠮᠦᠵᠢᠯ ᠢ ᠳᠡᠮᠵᠢᠭᠦᠯᠬᠦ᠂ ᠰᠤᠷᠭᠠᠨ ᠬᠥᠮᠦᠵᠢᠯ ᠬᠦᠷᠭᠡᠬᠦ᠂ ᠡᠷᠳᠡᠮ ᠰᠢᠨᠵᠢᠯᠡᠭᠡᠨ ᠤ ᠶᠠᠷᠢᠶ᠎ᠠ ᠲᠠᠯᠪᠢᠭᠤᠯᠬᠤ ᠪᠠᠷ ᠰᠣᠩᠭᠤᠨ ᠲᠣᠮᠢᠯᠠᠵᠤ᠂ ᠬᠢᠩᠭᠠᠨ ᠠᠶᠢᠮᠠᠭ ᠨᠡᠶᠢᠳᠡ 1874 ᠪᠠᠭᠰᠢ ᠶᠢ ᠪᠡᠭᠡᠵᠢᠩ ᠳᠤ ᠣᠴᠢᠭᠤᠯᠵᠤ ᠠᠵᠢᠯ ᠤᠨ ᠪᠠᠶᠢᠷᠢ ᠳᠠᠭᠠᠵᠤ ᠰᠤᠷᠤᠯᠴᠠᠭᠤᠯᠤᠨ ᠪᠣᠯᠪᠠᠰᠤᠷᠠᠭᠤᠯᠬᠤ ᠪᠠᠷ ᠰᠣᠩᠭᠤᠨ ᠲᠣᠮᠢᠯᠠᠪᠠ︔ ᠨᠠᠷᠠᠲᠤ ᠮᠡᠷᠭᠡᠵᠢᠯᠲᠡᠨ ᠢ ᠬᠢᠩᠭᠠᠨ ᠠᠶᠢᠮᠠᠭ ᠲᠤ ᠢᠷᠡᠵᠦ ᠠᠵᠢᠯ ᠤᠨ ᠥᠷᠲᠡᠭᠡ ᠪᠠᠶᠢᠭᠤᠯᠬᠤ ᠪᠠᠷ ᠤᠷᠢᠵᠤ᠂ 11 ᠤᠳᠠᠭ᠎ᠠ ᠠᠵᠢᠯᠯᠠᠭ᠎ᠠ ᠥᠷᠨᠢᠭᠦᠯᠵᠦ᠂ 2200 ᠪᠠᠭᠰᠢ ᠠᠰᠢᠭ ᠭᠥᠷᠳᠡᠪᠡ᠃ ᠬᠤᠶᠠᠷ ᠲᠤ᠂ ᠬᠤᠣᠰᠯᠠᠨ ᠲᠡᠳᠬᠦᠬᠦ ᠶᠢ ᠭᠦᠨᠵᠡᠭᠡᠶᠢᠷᠡᠭᠦᠯᠪᠡ᠃ 2018 ᠣᠨ ᠠᠴᠠ ᠨᠠᠭᠠᠰᠢ᠂ ᠵᠡᠭᠦᠨ ᠬᠤᠲᠠ ᠲᠣᠭᠤᠷᠢᠭ᠂ ᠬᠠᠶᠢᠳᠢᠶᠠᠨ ᠲᠣᠭᠤᠷᠢᠭ᠂ ᠹᠧᠩᠲ᠋ᠠᠢ ᠲᠣᠭᠤᠷᠢᠭ᠂ ᠹᠠᠩᠱᠠᠨ ᠲᠣᠭᠤᠷᠢᠭ᠂ ᠲᠦᠩᠵᠸᠦ ᠲᠣᠭᠤᠷᠢᠭ ᠨᠢ ᠵᠠᠯᠭ᠎ᠠ ᠵᠠᠯᠭ᠎ᠠ ᠪᠠᠷ ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠵᠠᠯᠠᠶᠢᠳ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠠᠢ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠬᠡᠯᠡᠯᠴᠡᠭᠡᠷ ᠲᠣᠭᠲᠠᠵᠤ᠂ ᠬᠢᠩᠭᠠᠨ ᠠᠶᠢᠮᠠᠭ ᠤᠨ ᠨᠡᠶᠢᠲᠡ 153 ᠰᠤᠷᠭᠠᠭᠤᠯᠢ ᠬᠢᠭᠡᠳ ᠪᠡᠭᠡᠵᠢᠩ ᠤᠨ 91 ᠨᠠᠷᠠᠲᠤ ᠰᠤᠷᠭᠠᠭᠤᠯᠢ ᠬᠤᠣᠰᠯᠠᠨ ᠲᠡᠳᠬᠦᠬᠦ ᠶᠢ ᠪᠡᠶᠡᠯᠡᠭᠦᠯᠵᠦ᠂ ᠬᠤᠣᠰᠯᠠᠭᠰᠠᠨ ᠰᠤᠷᠭᠠᠭᠤᠯᠢ ᠶᠢᠨ ᠬᠤᠭᠤᠷᠣᠨᠳᠤ ᠨᠡᠶᠢᠲᠡ 428 ᠤᠳᠠᠭ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠰᠣᠯᠢᠯᠴᠠᠭ᠎ᠠ ᠪᠠ ᠠᠶᠢᠯᠴᠢᠯᠠᠯᠲᠠ ᠥᠷᠨᠢᠭᠦᠯᠪᠡ᠃ ᠭᠤᠷᠪᠠ ᠳᠤ᠂ ᠪᠡᠯᠡ ᠮᠥᠩᠭᠦᠨ ᠤ ᠳᠡᠮᠵᠢᠯᠭᠡ ᠶᠢ ᠴᠢᠩᠭᠠᠷᠠᠭᠤᠯᠪᠠ᠃ 2018 – 2022 ᠣᠨ ᠳᠤ᠂ ᠪᠡᠭᠡᠵᠢᠩ ᠬᠤᠲᠠ ᠬᠢᠩᠭᠠᠨ ᠠᠶᠢᠮᠠᠭ ᠲᠤ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ᠂ ᠪᠠᠭᠰᠢ ᠨᠠᠷ ᠢ ᠪᠡᠭᠡᠵᠢᠩ ᠳᠤ ᠣᠴᠢᠭᠤᠯᠵᠤ ᠠᠵᠢᠯ ᠤᠨ ᠪᠠᠶᠢᠷᠢ ᠳᠠᠭᠠᠵᠤ ᠪᠣᠯᠪᠠᠰᠤᠷᠠᠯ ᠬᠦᠷᠲᠡᠭᠡᠬᠦ᠂ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ᠂ ᠶᠠᠳᠠᠭᠤ ᠬᠦᠴᠢᠷᠳᠡᠯᠲᠡᠢ ᠰᠣᠷᠣᠭᠴᠢ ᠶᠢ ᠲᠤᠰᠠᠯᠠᠬᠤ ᠵᠡᠷᠭᠡ ᠪᠡᠯᠡ ᠮᠥᠩᠭᠦ ᠶᠢ ᠨᠡᠶᠢᠲᠡ 4680.98 ᠲᠦᠮᠡᠨ ᠲᠥᠭᠦᠷᠢᠭ ᠣᠷᠣᠭᠤᠯᠵᠠᠢ᠃ ᠬᠢᠩᠭᠠᠨ ᠠᠶᠢᠮᠠᠭ ᠤᠨ 158 ᠳᠤᠮᠳᠠᠳᠤ ᠪᠠᠭ᠎ᠠ ᠰᠤᠷᠭᠠᠭᠤᠯᠢ ᠳᠤ ᠲᠠᠪᠴᠠᠩ ᠤᠨ ᠰᠤᠷᠤᠯᠴᠠᠯᠭ᠎ᠠ ᠶᠢᠨ ᠳᠠᠩᠰᠠ ᠶᠢ 50050 ᠨᠡᠭᠡᠭᠡᠨ ᠥᠭᠴᠦ᠂ ᠶᠡᠷᠦᠩᠬᠡᠢ ᠥᠷᠲᠡᠭ ᠨᠢ ᠪᠠᠷᠤᠭ 2066 ᠭᠠᠷᠤᠢ ᠲᠦᠮᠡᠨ ᠲᠥᠭᠦᠷᠢᠭ ᠲᠤ ᠬᠦᠷᠴᠡᠢ᠃ ᠳᠥᠷᠪᠡ ᠳᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠡᠳᠬᠦᠪᠡ᠃ 2021 ᠣᠨ ᠳᠤ ᠪᠡᠭᠡᠵᠢᠩ ᠬᠤᠲᠠ ᠶᠢᠨ ᠠᠵᠤ ᠦᠢᠯᠡᠳᠪᠦᠷᠢ ᠪᠠ ᠬᠤᠳᠠᠯᠳᠤᠭᠠᠨ ᠤ ᠮᠡᠷᠭᠡᠵᠢᠯᠲᠡᠨ ᠤ ᠳᠡᠭᠡᠳᠦ ᠰᠤᠷᠭᠠᠭᠤᠯᠢ ᠶᠢᠨ ᠮᠠᠰᠢᠨ ᠴᠠᠬᠢᠯᠭᠠᠨ ᠤ ᠬᠤᠪᠢᠶᠠᠷᠢ ᠰᠤᠷᠭᠠᠭᠤᠯᠢ ᠳᠤ ᠵᠠᠯᠠᠶᠢᠳ ᠬᠤᠰᠢᠭᠤᠨ ᠤ ᠶᠠᠳᠠᠭᠤ ᠬᠦᠴᠢᠷᠳᠡᠯᠲᠡᠢ ᠪᠠᠷ ᠳᠠᠩᠰᠠᠯᠠᠭᠤᠯᠤᠭᠰᠠᠨ ᠭᠡᠷ ᠪᠦᠯᠢ ᠶᠢᠨ 11 ᠰᠣᠷᠣᠭᠴᠢ ᠶᠢ ᠡᠯᠰᠡᠪᠡ᠃ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ 94 ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢ ᠲᠤᠰ ᠲᠤᠰ ᠪᠡᠭᠡᠵᠢᠩ ᠤᠨ ᠮᠡᠷᠭᠡᠵᠢᠯ ᠲᠣᠬᠢᠷᠠᠯᠴᠠᠭᠰᠠᠨ ᠠᠵᠤ ᠠᠬᠤᠶᠢᠯᠠᠯ ᠳᠤ ᠣᠴᠢᠭᠤᠯᠤᠨ ᠳᠠᠳᠤᠯᠭ᠎ᠠ ᠬᠢᠯᠭᠡᠬᠦ ᠪᠠᠷ ᠰᠣᠩᠭᠤᠨ ᠲᠣᠮᠢᠯᠠᠪᠠ᠃ 2022 ᠣᠨ ᠳᠤ᠂ ᠪᠡᠭᠡᠵᠢᠩ ᠤᠨ 8 ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠡᠶᠢᠲᠡ 18 ᠪᠠᠭᠰᠢ ᠶᠢ ᠲᠣᠮᠢᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠲᠤᠰᠢᠶᠠᠯ ᠡᠭᠦᠷᠭᠡᠯᠡᠭᠦᠯᠦᠨ᠂ ᠰᠤᠷᠭᠠᠨ ᠬᠥᠮᠦᠵᠢᠯ ᠢ ᠳᠡᠮᠵᠢᠭᠦᠯᠵᠦ᠂ ᠪᠥᠬᠦ ᠠᠶᠢᠮᠠᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号