ᠥᠪᠥᠷ ᠮᠣᠩᠭᠤᠯ ᠤᠨ ᠮᠦᠽᠧᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠣᠨ ᠤ  ᠬᠤᠭᠤᠴᠠᠭᠠᠨ ᠤ ︽ᠮᠦᠽᠧᠢ ᠶᠢᠨ ᠬᠠᠯᠠᠮᠰᠢᠯ︾ ᠢ ᠤᠭᠲᠤᠪᠠ
ᠨᠡᠶᠢᠲᠡᠯᠡᠭᠰᠡᠨ ᠴᠠᠭ᠄
2023/8/5
    ᠵᠤᠨ ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠤᠷᠬᠢᠯ ᠤᠨ ᠦᠶ᠎ᠡ ᠪᠣᠯᠬᠤ ᠳᠤ᠂ ︽ᠮᠦᠽᠧᠢ ᠶᠢᠨ ᠬᠠᠯᠠᠮᠰᠢᠯ︾ ᠦᠷᠭᠦᠯᠵᠢᠯᠡᠨ ᠨᠡᠮᠡᠭᠳᠡᠵᠦ ᠪᠠᠶᠢᠨ᠎ᠠ᠃ ᠥᠪᠥᠷ ᠮᠣᠩᠭᠤᠯ ᠤᠨ ᠮᠦᠽᠧᠢ ᠶᠢᠨ ᠦᠵᠡᠭᠴᠢᠳ ᠤᠨ ᠲᠤᠭ᠎ᠠ ᠲᠠᠰᠤᠷᠠᠯᠲᠠ ᠦᠭᠡᠢ ᠨᠡᠮᠡᠭᠳᠡᠵᠦ᠂ ᠡᠳᠦᠷ ᠳᠤᠮᠳᠠᠴᠢ ᠪᠠᠷ 17000 ᠬᠥᠮᠥᠨ ᠢ ᠭᠥᠯᠢᠶᠡᠨ ᠠᠪᠴᠤ ᠪᠠᠶᠢᠨ᠎ᠠ᠃ ᠣᠯᠠᠨ ᠨᠡᠶᠢᠲᠡ ᠶᠢᠨ ᠰᠣᠶᠣᠯ ᠤᠨ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢᠨ ᠲᠥᠯᠥᠭᠡ᠂ ᠥᠪᠥᠷ ᠮᠣᠩᠭᠤᠯ ᠤᠨ ᠮᠦᠽᠧᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠣᠨ ᠤ ᠬᠤᠭᠤᠴᠠᠭᠠᠨ ᠤ ᠠᠶᠠᠨᠴᠢᠳ ᠤᠨ ᠴᠤᠪᠤᠷᠠᠯ ᠤᠨ ᠣᠷᠭᠢᠯ ᠦᠶ᠎ᠡ ᠶᠢ ᠠᠷᠭᠠᠴᠠᠵᠤ᠂ ᠣᠯᠠᠨ ᠨᠡᠶᠢᠲᠡ ᠳᠤ ᠰᠠᠶᠢᠨ ᠰᠠᠶᠢᠬᠠᠨ ᠲᠣᠭᠤᠷᠢᠨ ᠦᠵᠡᠬᠦ ᠣᠶᠢᠯᠠᠭᠠᠯᠲᠠ ᠬᠠᠩᠭᠠᠵᠤ ᠪᠠᠶᠢᠨ᠎ᠠ᠃      ᠨᠢᠭᠡ ᠳᠤ᠂ ᠨᠡᠭᠡᠭᠡᠬᠦ ᠴᠠᠭ ᠢ ᠤᠷᠲᠤᠳᠬᠠᠵᠤ᠂ ᠲᠣᠭᠤᠷᠢᠨ ᠦᠵᠡᠬᠦ ᠬᠡᠷᠡᠭᠴᠡᠭᠡ ᠶᠢ ᠬᠠᠩᠭᠠᠨ᠎ᠠ᠃      ᠬᠤᠶᠠᠷ ᠲᠤ᠂ ᠴᠠᠭ ᠬᠤᠪᠢᠶᠠᠨ ᠪᠣᠯᠵᠣᠬᠤ ᠶᠢ ᠬᠡᠷᠡᠭᠵᠢᠭᠦᠯᠵᠦ᠂ ᠮᠦᠽᠸᠢ ᠳᠤ ᠣᠷᠣᠬᠤ ᠴᠠᠭ ᠢ ᠪᠣᠭᠤᠨᠢᠰᠬᠠᠨ᠎ᠠ᠃      ᠭᠤᠷᠪᠠ ᠳᠤ᠂ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠤᠯᠠᠨ ᠡᠰᠢᠲᠦ ᠣᠶᠢᠯᠠᠭᠠᠯᠲᠠ ᠶᠢ ᠬᠠᠩᠭᠠᠨ᠎ᠠ᠃      ᠳᠥᠷᠪᠡ ᠳᠤ᠂ ᠮᠦᠽᠸᠢ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠦᠨᠡᠨ ᠰᠡᠳᠬᠢᠯ ᠠᠴᠠ ᠪᠠᠨ ᠦᠢᠯᠡᠴᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号