ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠬᠤᠶᠠᠳᠤᠭᠠᠷ ᠬᠤᠭᠤᠴᠠᠭᠠᠨ ᠤ ᠬᠠᠲᠤᠨ ᠭᠤᠣᠯ ᠤᠨ ᠰᠠᠪᠠ ᠭᠠᠵᠠᠷ ᠤᠨ ᠰᠢ ᠲᠠᠭᠤᠤᠷᠢᠯᠢᠬ ᠤᠨ ᠲᠣᠭᠯᠠᠯᠲᠠ ᠶᠢᠨ ᠤᠯᠠᠷᠢᠯ ᠤᠨ ᠬᠤᠶᠠᠷ ᠵᠦᠢᠯ ᠤᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2023/8/5
    7 ᠳ᠋ᠤᠭᠠᠷ ᠰᠠᠷ᠎ᠠ ᠶᠢᠨ 25 ᠤ ᠡᠳᠦᠷ᠂ 2023 ᠣᠨ ᠤ ᠬᠤᠶᠠᠳᠤᠭᠠᠷ ᠬᠤᠭᠤᠴᠠᠭᠠᠨ ᠤ ᠬᠠᠲᠤᠨ ᠭᠤᠣᠯ ᠤᠨ ᠰᠠᠪᠠ ᠭᠠᠵᠠᠷ ᠤᠨ ᠰᠢ ᠲᠠᠭᠤᠤᠷᠢᠯᠢᠬ ᠤᠨ ᠲᠣᠭᠯᠠᠯᠲᠠ ᠶᠢᠨ ᠤᠯᠠᠷᠢᠯ ᠱᠠᠨᠳᠦ᠋ᠩ ᠤᠨ ᠯᠢᠶᠤᠤᠴᠧᠩ ᠳᠤ ᠥᠨᠳᠥᠷᠯᠡᠪᠡ᠃     ᠲᠣᠭᠯᠠᠯᠲᠠ ᠶᠢᠨ ᠤᠯᠠᠷᠢᠯ ᠳᠤ᠂ ᠲᠣᠭᠯᠠᠯᠲᠠ ᠳᠤ ᠣᠷᠣᠯᠴᠠᠭᠰᠠᠨ 30 ᠰᠢᠯᠢᠳᠡᠭ ᠢᠳᠡᠷ ᠵᠠᠯᠠᠭᠤ ᠲᠣᠭᠯᠠᠭᠴᠢ ︽2023 ᠬᠠᠳᠤᠨ ᠭᠤᠣᠯ ᠤᠨ ᠰᠠᠪᠠ ᠭᠠᠵᠠᠷ ᠤᠨ ᠰᠢ ᠳᠠᠭᠤᠷᠢᠯᠢᠭ ᠤᠨ ᠲᠣᠭᠯᠠᠯᠲᠠ ᠶᠢᠨ ᠤᠯᠠᠷᠢᠯ ᠤᠨ ᠲᠣᠭᠯᠠᠯᠲᠠ ᠶᠢᠨ ᠤᠷᠠᠯᠢᠭ ᠢ ᠦᠪᠯᠡᠨ ᠤᠯᠠᠮᠵᠢᠯᠠᠭᠴᠢ ᠰᠣᠳᠣᠨ ᠴᠢᠳᠠᠪᠤᠷᠢᠲᠠᠨ︾ ᠭᠡᠬᠦ ᠢᠷᠠᠭᠤ ᠠᠯᠳᠠᠷ ᠢ ᠬᠦᠷᠲᠡᠪᠡ᠃ ᠥᠪᠥᠷ ᠮᠣᠩᠭᠤᠯ ᠣᠷᠣᠨ ᠳᠤ ᠵᠥᠪᠬᠡᠨ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠪᠡᠭᠡᠵᠢᠩ ᠵᠦᠴᠦᠭᠡ ᠶᠢᠨ ᠪᠦᠯᠬᠦᠮ ᠤᠨ ᠳ᠋ᠦᠩ ᠪᠢᠩ ᠵᠧᠨ᠂ ᠡᠯ ᠷᠧᠨ ᠲᠠᠢ ᠤᠷᠠᠯᠢᠭ ᠤᠨ ᠪᠦᠯᠬᠦᠮ ᠤᠨ ᠦ᠋ ᠶᠠᠨ ᠨᠢ ᠲᠣᠰ ᠲᠣᠰ ᠢᠷᠠᠭᠤ ᠠᠯᠳᠠᠷ ᠢ ᠭᠥᠷᠳᠡᠪᠡ᠃ ᠵᠦᠴᠦᠭᠡ ᠶᠢᠨ ᠬᠦᠷᠢᠶᠡᠯᠡᠩ ᠨᠢ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠭᠦᠯᠭᠡ ᠶᠢᠨ ᠲᠣᠭᠯᠠᠯᠲᠠ ᠳᠤ ᠰᠣᠩᠭᠤᠭᠳᠠᠭᠰᠠᠨ ᠲᠥᠯᠥᠭᠡᠯᠡᠭᠴᠢᠳ ᠤᠨ ᠠᠩᠭᠢ ᠶᠢᠨ ᠳᠣᠲᠣᠷᠠᠬᠢ ᠡᠨᠡ ᠬᠦ ᠢᠷᠠᠭᠤ ᠠᠯᠳᠠᠷ ᠢ ᠭᠥᠷᠳᠡᠭᠰᠡᠨ ᠴᠤᠷᠢ ᠶᠢᠨ ᠭᠠᠭᠴᠠ ᠬᠦᠷᠢᠶᠡᠯᠡᠩ ᠪᠦᠯᠬᠦᠮ ᠪᠣᠯᠤᠭᠰᠠᠨ ᠪᠠᠶᠢᠨ᠎ᠠ᠃     ᠲᠤᠰ ᠬᠤᠭᠤᠴᠠᠭᠠᠨ ᠤ ᠬᠠᠲᠤᠨ ᠭᠤᠣᠯ ᠤᠨ ᠰᠠᠪᠠ ᠭᠠᠵᠠᠷ ᠤᠨ ᠰᠢ ᠳᠠᠭᠤᠷᠢᠯᠢᠭ ᠤᠨ ᠲᠣᠭᠯᠠᠯᠲᠠ ᠶᠢᠨ ᠤᠯᠠᠷᠢᠯ ᠤᠨ ᠦᠵᠡᠭᠦᠯᠭᠡ ᠶᠢᠨ ᠲᠤᠭᠯᠠᠯᠲᠠ 12 ᠡᠳᠦᠷ ᠶᠠᠪᠤᠭᠳᠠᠨ᠎ᠠ᠃ ᠬᠥᠬᠡᠨᠠᠭᠤᠷ᠂ ᠭᠠᠨᠰᠤ᠂ ᠰᠧᠴᠤᠸᠠᠨ᠂ ᠨᠢᠩᠰᠢᠶᠠ᠂ ᠥᠪᠥᠷ ᠮᠣᠩᠭᠤᠯ᠂ ᠾᠧᠨᠠᠨ᠂ ᠱᠠᠨ ᠰᠢ᠂ ᠱᠠᠨᠰᠢ ᠪᠣᠯᠣᠨ ᠱᠠᠨᠳᠦ᠋ᠩ 9 ᠮᠤᠵᠢ ︵ᠣᠷᠣᠨ︶ ᠠᠴᠠ ᠢᠷᠡᠭᠰᠡᠨ 98 ᠰᠢᠯᠢᠳᠡᠭ ᠢᠳᠡᠷ ᠵᠠᠯᠠᠭᠤ ᠰᠢ ᠳᠠᠭᠤᠷᠢᠯᠢᠭ ᠤᠨ ᠲᠣᠭᠯᠠᠭᠴᠢ ᠪᠣᠯᠣᠨ 2300 ᠭᠠᠷᠤᠢ ᠲᠤᠭᠯᠠᠭᠴᠢᠳ ᠪᠠ ᠠᠵᠢᠯᠲᠠᠳ 19 ᠲᠠᠯᠠᠪᠠᠢ ᠲᠠᠰᠤᠯᠪᠤᠷᠢ ᠰᠢ ᠶᠢᠨ ᠲᠤᠭᠯᠠᠯᠲᠠ ᠲᠠᠭᠠᠷᠠᠭᠤᠯᠤᠨ᠂ ᠪᠡᠭᠡᠵᠢᠩ ᠵᠦᠴᠦᠭᠡ᠂ ᠴᠢᠨ ᠴᠢᠶᠠᠩ ᠵᠦᠴᠦᠭᠡ᠂ ᠾᠧᠨᠠᠨ ᠵᠦᠴᠦᠭᠡ᠂ ᠯᠢᠦᠢ ᠵᠦᠴᠦᠭᠡ᠂ ᠱᠠᠨ ᠰᠢ ᠵᠦᠴᠦᠭᠡ᠂ ᠱᠤᠳᠤᠷᠭᠤ ᠵᠦᠴᠦᠭᠡ᠂ ᠬᠥᠬᠡᠨᠠᠭᠤᠷ ᠤᠨ ᠱᠤᠳᠤᠷᠭᠤ ᠬᠦᠭᠵᠢᠮᠲᠦ ᠰᠢ᠂ ᠡᠯ ᠷᠧᠨ ᠲᠠᠢ ᠵᠡᠷᠭᠡ 20 ᠭᠠᠷᠤᠢ ᠵᠦᠴᠦᠭᠡ   ᠶᠢᠨ ᠲᠥᠷᠥᠯ   ᠢ ᠬᠠᠮᠤᠷᠴᠤ᠂ ᠠᠪᠢᠶᠠᠰ ᠡᠷᠳᠡᠮ ᠬᠤᠣᠰᠯᠠᠭᠰᠠᠨ᠂ ᠤᠷᠤᠰᠬᠠᠯ ᠪᠦᠯᠦᠭ ᠣᠯᠠᠨᠲᠠᠢ ᠬᠠᠲᠤᠨ ᠭᠤᠣᠯ ᠳᠠᠭᠠᠤ ᠶᠢᠨ ᠶᠢᠰᠦᠨ ᠮᠤᠵᠢ ︵ᠣᠷᠣᠨ︶   ᠶᠢᠨ ᠰᠢ ᠳᠠᠭᠤᠷᠯᠢᠭ ᠤᠨ ᠤᠷᠠᠯᠢᠭ ᠤᠨ ᠭᠦᠨ ᠵᠤᠵᠠᠭᠠᠨ ᠠᠭᠤᠯᠬᠤᠨ   ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠰᠢ ᠳᠠᠭᠤᠷᠢᠯᠢᠭ ᠤᠨ ᠴᠢᠳᠠᠪᠤᠷᠢᠲᠠᠨ ᠤ ᠲᠥᠪ ᠶᠣᠰᠣ ᠶᠢ ᠰᠠᠬᠢᠵᠤ ᠰᠢᠨ᠎ᠡ   ᠶᠢ ᠡᠭᠦᠳᠬᠦ᠂ ᠡᠷᠡᠯᠬᠡᠭᠯᠡᠨ ᠲᠡᠮᠡᠴᠡᠵᠦ᠂ ᠣᠷᠭᠢᠯ ᠳᠤ ᠵᠣᠷᠢᠭᠲᠠᠢ ᠪᠠᠷ ᠠᠪᠠᠷᠢᠬᠤ ᠵᠣᠷᠢᠭ ᠰᠠᠨᠠᠭᠠᠨ ᠤ ᠳᠦᠷᠰᠦ ᠪᠠᠶᠢᠳᠠᠯ   ᠢ ᠬᠦᠴᠦᠲᠡᠢ ᠬᠠᠷᠠᠭᠤᠯᠵᠠᠢ᠃       ᠲᠣᠭᠯᠠᠯᠲᠠ ᠶᠢᠨ ᠤᠯᠠᠷᠢᠯ ᠤᠨ ᠬᠤᠭᠤᠴᠠᠭᠠᠨ ᠳᠤ᠂ ᠭᠤᠣᠯᠯᠠᠨ ᠡᠷᠬᠢᠯᠡᠭᠰᠡᠨ ᠲᠠᠯ᠎ᠠ ᠶᠢᠨ ᠬᠢᠨ ᠪᠠᠰᠠ ᠪᠦᠲᠦᠭᠡᠯᠴᠢ ᠪᠠᠷ 10 ᠤᠳᠠᠭ᠎ᠠ ᠶᠢᠨ  ᠨᠤᠤᠷᠠᠭ ᠵᠠᠰᠠᠬᠤ ᠬᠤᠷᠠᠯ ᠢ ᠡᠷᠬᠢᠯᠡᠵᠦ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠤ  ᠰᠢ ᠳᠠᠭᠤᠷᠢᠯᠢᠭ ᠤᠨ ᠬᠦᠷᠢᠶᠡᠯᠡᠩ ᠪᠦᠯᠬᠦᠮ ᠢ ᠵᠢᠭᠠᠨ ᠵᠢᠯᠤᠭᠤᠳᠴᠤ ᠪᠠᠶᠢᠭᠠᠳ ᠪᠦᠲᠦᠭᠡᠯ ᠢ ᠨᠢ ᠵᠠᠰᠠᠨ ᠳᠡᠭᠡᠭᠰᠢᠯᠡᠭᠦᠯᠵᠦ᠂ ᠵᠣᠬᠢᠶᠠᠨ ᠪᠦᠲᠦᠭᠡᠭᠰᠡᠨ ᠵᠦᠴᠦᠭᠡ ᠶᠢᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠦᠷᠢᠶᠡᠯᠡᠩ ᠪᠦᠯᠬᠦᠮ ᠳᠤ ᠨᠢᠭᠡ ᠪᠦᠯᠦᠭ ᠲᠣᠭᠲᠠᠵᠤ ᠳᠡᠶᠢᠯᠬᠦ᠂ ᠳᠡᠯᠭᠡᠷᠡᠵᠦ ᠳᠡᠶᠢᠯᠬᠦ᠂ ᠦᠯᠡᠳᠡᠵᠦ ᠳᠡᠶᠢᠯᠬᠦ ︽ ᠪᠤᠯᠤᠮᠵᠢ ᠲᠠᠢ ᠵᠦᠴᠦᠭᠡ︾ ᠶᠢ ᠢᠳᠡᠪᠬᠢᠲᠡᠢ ᠵᠠᠰᠠᠨ ᠥᠭᠴᠦ᠂ ᠦᠨᠳᠦᠰᠦᠨ ᠱᠠᠲᠤᠨ ᠤ ᠰᠢ ᠳᠠᠭᠤᠷᠢᠯᠢᠭ ᠤᠨ ᠵᠣᠬᠢᠶᠠᠨ ᠪᠦᠲᠦᠭᠡᠬᠦ ᠴᠢᠳᠠᠪᠤᠷᠢᠲᠠᠨ ᠢ ᠬᠥᠮᠥᠵᠢᠭᠦᠯᠬᠦ ᠳᠤ ᠬᠦᠴᠦᠨ ᠨᠡᠮᠡᠷᠢᠯᠡᠵᠡᠢ᠃ ᠡᠭᠦᠨ ᠤ ᠵᠡᠷᠭᠡ ᠳᠤ ᠸᠢᠳᠢᠤ᠋ ᠵᠢᠷᠤᠭᠯᠠᠯ ᠵᠡᠷᠭᠡ ᠠᠯᠢ ᠣᠯᠠᠨ ᠠᠵᠢᠯᠯᠠᠭ᠎ᠠ   ᠶᠢ ᠥᠷᠨᠢᠭᠦᠯᠵᠦ᠂ ᠬᠠᠲᠤᠨ ᠭᠤᠣᠯ ᠤᠨ ᠬᠡᠷᠡᠯ ᠰᠠᠴᠤᠷᠠᠩᠭᠤᠢ ᠰᠣᠶᠣᠯ ᠢ ᠣᠯᠠᠨ ᠲᠠᠯ᠎ᠠ ᠠᠴᠠ ᠳᠡᠯᠭᠡᠨ ᠦᠵᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠰᠢ ᠲᠠᠭᠤᠤᠷᠢᠯᠢᠬ ᠤᠨ ᠰᠣᠶᠣᠯ ᠤᠨ ᠴᠡᠴᠡᠭᠯᠡᠨ ᠬᠥᠭᠵᠢᠭᠰᠡᠨ ᠰᠢᠨ᠎ᠡ ᠪᠠᠶᠢᠳᠠᠯ   ᠢ ᠪᠣᠰᠤᠭ᠎ᠠ ᠴᠣᠭᠴᠠᠵᠢᠭᠤᠯᠤᠨ ᠢᠯᠡᠷᠡᠭᠦᠯᠪᠡ᠃
 
ᠢᠷᠡᠯᠲᠡ᠄ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号